ᠠᠤᠬᠠᠨ ᠬᠤᠰᠢᠭᠤ 2024 ᠣᠨ ᠤ ᠤᠯᠠᠭᠠᠨᠬᠠᠳᠠ ᠬᠤᠲᠠ ᠶᠢᠨ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠤᠯᠪᠠ
ᠨᠡᠶᠢᠲᠡᠯᠡᠭᠰᠡᠨ ᠴᠠᠭ᠄
2024/8/13
 C:\Users\Administrator\Desktop\10.jpg
    2024 ᠣᠨ ᠤ 8 ᠰᠠᠷ᠎ᠠ ᠶᠢᠨ 8 ᠤ ᠡᠳᠦᠷ᠂ 2024 ᠣᠨ ᠤ ᠤᠯᠠᠭᠠᠨᠬᠠᠳᠠ ᠬᠤᠲᠠ ᠶᠢᠨ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠥᠨᠳᠥᠷᠯᠡᠪᠡ᠃ ᠲᠥᠷᠥᠯ ᠵᠦᠢᠯ ᠢ ᠲᠠᠨᠢᠯᠴᠠᠭᠤᠯᠬᠤ᠂ ᠬᠢᠷᠢ ᠬᠡᠮ ᠢ ᠬᠢᠨᠠᠨ ᠬᠠᠷᠭᠤᠭᠤᠯᠬᠤ᠂ ᠲᠥᠷᠥᠯ ᠵᠦᠢᠯ ᠤᠨ ᠠᠩᠬᠠᠨ ᠤ ᠰᠢᠯᠭᠠᠷᠠᠭᠤᠯᠤᠯᠲᠠ᠂ ᠪᠥᠬᠦ ᠬᠤᠲᠠ ᠶᠢᠨ ᠡᠴᠦᠰ ᠤᠨ ᠰᠢᠯᠭᠠᠷᠠᠭᠤᠯᠤᠯᠲᠠ ᠵᠡᠷᠭᠡ ᠭᠤᠭᠴᠤᠭ᠎ᠠ ᠪᠠᠷ ᠳᠡᠮᠵᠢᠨ᠂ ᠠᠤᠬᠠᠨ ᠬᠤᠰᠢᠭᠤᠨ ᠤ 4 ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠷᠤᠯᠳᠤᠭᠠᠨ ᠳᠤ ᠴᠣᠯᠭᠤᠷᠠᠨ ᠭᠠᠷᠴᠤ᠂ ᠡᠴᠦᠰ ᠲᠡᠭᠡᠨ 1 ᠠᠯᠲᠠᠨ ᠮᠧᠳᠠᠯ 2 ᠮᠥᠩᠭᠦᠨ ᠮᠧᠳᠠᠯ 1 ᠬᠦᠷᠡᠯ ᠮᠧᠳᠠᠯ ᠤᠨ ᠰᠢᠯᠢᠳᠡᠭ ᠬᠢᠷᠢ ᠪᠦᠲᠦᠮᠵᠢ ᠶᠢ ᠤᠯᠪᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠡᠪᠯᠡᠯ ᠤᠨ ᠬᠤᠷᠢᠶ᠎ᠠ ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠪᠥᠬᠦ ᠬᠤᠰᠢᠭᠤᠨ ᠤ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠦᠷᠭᠦᠯᠵᠢᠯᠡᠨ ᠠᠭᠤᠳᠠᠯᠤᠨ᠂ ᠳᠡᠮᠵᠢᠵᠦ᠂ ᠤᠬᠠᠭᠤᠯᠵᠤ᠂ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠶᠢᠩᠭᠤᠵᠢᠭᠰᠠᠨ ᠲᠥᠷᠥᠯ ᠵᠦᠢᠯ ᠤᠨ ᠬᠥᠭᠵᠢᠯᠲᠡ ᠶᠢ ᠠᠬᠢᠭᠤᠯᠵᠤ᠂ ᠵᠠᠯᠠᠭᠤᠴᠤᠳ ᠤᠨ ᠬᠦᠴᠦᠨ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠵᠠᠯᠠᠭᠤᠴᠤᠳ ᠪᠣᠯᠤᠨ ᠨᠤᠲᠤᠭ ᠤᠰᠤ ᠪᠠᠨ ᠬᠠᠮᠲᠤ ᠪᠠᠷ ᠦᠰᠦᠨ ᠪᠤᠶᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠤᠬᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号