8 ᠰᠠᠷ᠎ᠠ ᠶᠢᠨ 12 ᠤᠨ ᠡᠳᠤᠷ ᠂ ᠠᠤᠬᠠᠨ ᠬᠤᠰᠢᠭᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠤᠨ ᠬᠤᠯᠪᠣᠭ᠎ᠠ ᠪᠠᠶᠢᠭᠤᠯᠤᠭᠳᠠᠬᠤ ᠶᠡᠭᠡ ᠬᠤᠷᠠᠯ ᠠᠤᠬᠠᠨ ᠬᠤᠰᠢᠭᠤᠨ ᠤ | ᠠᠬᠠᠮᠠᠳ ᠺᠠᠳ᠋ᠷ ᠤᠨ ᠲᠣᠪᠴᠢᠶ᠎ᠠ ᠳᠤ ᠬᠤᠷᠠᠯᠳᠤᠪᠠ᠂ ᠡᠨᠡ ᠪᠣᠯ ᠤᠯᠠᠭᠠᠨᠬᠠᠳᠠ ᠬᠤᠲᠠ ᠶᠢᠨ ᠪᠠᠶᠢᠭᠤᠯᠤᠭᠳᠠᠭᠰᠠᠨ | ᠠᠩᠬᠠᠳᠠᠭᠴᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠦᠮᠦᠵᠢᠯ ᠤᠨ ᠰᠠᠭᠤᠷᠢᠨ ᠭᠠᠵᠠᠷ ᠤᠨ ᠬᠤᠯᠪᠣᠭ᠎ᠠ | ᠪᠣᠯᠤᠨ᠎ᠠ᠃ ᠤᠯᠠᠭᠠᠨᠬᠠᠳᠠ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ | ᠲᠡᠷᠢᠭᠦᠯᠡᠭᠴᠢ ᠸᠧᠨ ᠾᠦᠢ᠂ ᠠᠤᠬᠠᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋ | ᠬᠤᠷᠠᠯ ᠳᠤ ᠣᠷᠣᠯᠴᠠᠪᠠ᠃ | ᠬᠤᠷᠠᠯ ᠠᠴᠠ ︽ᠠᠤᠬᠠᠨ ᠬᠤᠰᠢᠭᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ | ᠰᠠᠭᠤᠷᠢᠨ ᠭᠠᠵᠠᠷ ᠤᠨ ᠬᠤᠯᠪᠣᠭᠠᠨ ᠤ ᠲᠦᠷᠢᠮ︾ ᠢ ᠪᠠᠲᠤᠯᠠᠪᠠ︔ ᠠᠤᠬᠠᠨ ᠬᠤᠰᠢᠭᠤᠨ ᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠠᠩᠬᠠᠳᠤᠭᠠᠷ ᠬᠤᠭᠤᠴᠠᠭᠠᠨ ᠤ ᠬᠤᠯᠪᠣᠭᠠᠨ ᠤ | ᠬᠡᠷᠡᠭ ᠡᠷᠬᠢᠯᠡᠭᠴᠢᠳ ᠤᠨ ᠬᠤᠷᠠᠯ ᠤᠨ ᠳᠠᠷᠤᠭ᠎ᠠ᠂ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ᠂ ᠬᠡᠷᠡᠭ | ᠡᠷᠬᠢᠯᠡᠭᠴᠢᠳ ᠤᠨ ᠳᠠᠷᠤᠭ᠎ᠠ ᠨᠢᠭᠡᠴᠡ᠂ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠨᠢᠭᠡᠴᠡ ᠶᠢᠨ ᠰᠠᠨᠠᠭᠤᠯᠭ᠎ᠠ ᠶᠢᠨ | ᠨᠡᠷᠡᠰ ᠢ ᠬᠢᠨᠠᠨ ᠵᠥᠪᠯᠡᠵᠦ ᠪᠠᠲᠤᠯᠠᠪᠠ᠃ ᠸᠧᠨ ᠾᠦᠢ᠂ ᠵᠠᠩ ᠶᠦᠩ ᠹᠦ᠋ ᠨᠡᠷ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠬᠤᠯᠪᠣᠭ᠎ᠠ ᠶᠢᠨ ᠡᠬᠢᠯᠡᠯᠲᠡ ᠶᠢᠨ ᠶᠣᠰᠣᠯᠠᠯ ᠢ | ᠬᠠᠮᠲᠤ ᠪᠠᠷ ᠡᠬᠢᠯᠡᠭᠦᠯᠦᠭᠰᠡᠨ ᠪᠥᠭᠡᠳ ᠬᠤᠯᠪᠣᠭᠠᠨ ᠤ ᠨᠢᠭᠡᠴᠡ ᠳᠤ ᠫᠠᠶᠢᠰᠠ ᠣᠯᠭᠤᠪᠠ᠃ | ᠵᠠᠩ ᠶᠦᠩ ᠹᠦ᠋ ᠶᠠᠷᠢᠶᠠᠨ ᠳᠠᠭᠠᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ | ᠰᠠᠭᠤᠷᠢᠨ ᠭᠠᠵᠠᠷ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠠᠵᠢᠯᠯᠠᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ | ᠡᠭᠦᠳᠴᠦ᠂ ᠠᠴᠢᠶᠠᠯᠠᠪᠤᠷᠢ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠨᠡᠶᠢᠭᠡᠮ ᠲᠣᠭᠤᠷᠢᠭ᠂ ᠬᠥᠳᠡᠭᠡ ᠲᠣᠰᠬᠤᠨ᠂ | ᠰᠤᠷᠭᠠᠭᠤᠯᠢ᠂ ᠠᠵᠤ ᠠᠬᠤᠶᠢᠯᠠᠯ᠂ ᠭᠡᠷ ᠪᠦᠯᠢ ᠳᠤ ᠣᠷᠣᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠢ | ᠡᠷᠬᠢᠮᠯᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ | ᠬᠡᠷᠡᠭᠯᠡᠬᠦ ᠰᠠᠶᠢᠨ ᠰᠠᠶᠢᠬᠠᠨ ᠬᠡᠪ ᠰᠤᠷᠲᠠᠯ ᠢ ᠦᠨᠡᠨ ᠬᠦ ᠪᠤᠢ ᠪᠣᠯᠭᠠᠵᠤ᠂ ᠪᠦᠬᠦ ᠠᠷᠠᠳ ᠤᠨ ᠰᠢᠨᠵᠢᠯᠡᠬᠦ ᠤᠬᠠᠭᠠᠨ | ᠰᠣᠶᠣᠯ ᠤᠨ ᠬᠡᠪ ᠴᠢᠨᠠᠷ ᠤᠨ ᠳᠡᠭᠡᠭᠰᠢᠯᠡᠯᠲᠡ᠂ ᠡᠶ᠎ᠡ ᠵᠣᠬᠢᠴᠠᠩᠭᠤᠢ ᠠᠤᠬᠠᠨ ᠤ ᠪᠠᠶᠢᠭᠤᠯᠤᠯᠲᠠ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ | ᠵᠢᠭᠠᠨ ᠭᠠᠷᠭᠠᠪᠠ᠃ | ᠸᠧᠨ ᠾᠦᠢ ᠶᠠᠷᠢᠶᠠᠨ ᠳᠠᠭᠠᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠣᠯ ᠪᠦᠬᠦ ᠨᠡᠶᠢᠭᠡᠮ ᠤᠨ ᠬᠠᠮᠲᠤ ᠶᠢᠨ | ᠦᠢᠯᠡᠰ ᠮᠥᠨ᠂ ᠬᠤᠯᠪᠣᠭᠠᠨ ᠤ ᠡᠯ᠎ᠡ ᠪᠦᠷᠢᠯᠳᠦᠬᠦᠨ ᠨᠢᠭᠡᠴᠡ ᠶᠢᠨ ᠬᠢᠨ ᠲᠤᠰ ᠲᠤᠰ ᠤᠨ ᠳᠠᠪᠠᠭᠤᠯᠢᠭ ᠢᠶᠠᠨ | ᠪᠠᠳᠠᠷᠠᠭᠤᠯᠵᠤ᠂ ᠬᠤᠯᠪᠣᠭᠠᠨ ᠤ ᠦᠷᠭᠦᠯᠵᠢᠯᠡᠬᠦ ᠬᠥᠭᠵᠢᠯᠲᠡ ᠶᠢᠨ ᠲᠣᠭᠲᠠᠴᠠ ᠶᠢ ᠴᠢᠨᠠᠭᠰᠢᠳᠠ ᠰᠦᠪᠡᠭᠴᠢᠯᠡᠵᠦ᠂ | ᠴᠡᠭ ᠢᠶᠠᠷ ᠨᠥᠯᠥᠭᠡᠯᠡᠬᠦ ᠶᠢ ᠪᠠᠷᠢᠮᠲᠠᠯᠠᠵᠤ᠂ ᠬᠤᠯᠪᠣᠯᠳᠤᠭᠤᠯᠤᠨ ᠬᠥᠳᠡᠯᠦᠯᠴᠡᠬᠦ ᠶᠢ ᠪᠠᠷᠢᠮᠲᠠᠯᠠᠵᠤ᠂ ᠬᠡᠪᠴᠢᠶ᠎ᠡ ᠶᠢ | ᠥᠷᠭᠡᠳᠬᠡᠨ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ | ︽ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠪᠦᠬᠦ ᠲᠠᠯ᠎ᠠ ᠪᠠᠷ | ᠰᠣᠯᠢᠯᠴᠠᠬᠤ᠂ ᠬᠠᠮᠵᠢᠯᠴᠠᠨ ᠬᠥᠭᠵᠢᠬᠦ︾ ᠵᠠᠷᠴᠢᠮ ᠢ ᠪᠠᠷᠢᠮᠲᠠᠯᠠᠵᠤ᠂ ᠨᠡᠩ ᠤᠯᠠᠨ ᠨᠡᠶᠢᠭᠡᠮ ᠤᠨ ᠬᠦᠴᠦᠨ ᠢ | ᠲᠠᠲᠠᠵᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠤ ᠣᠷᠣᠯᠴᠠᠭᠤᠯᠵᠤ᠂ ᠬᠦᠴᠦ ᠪᠠᠨ ᠬᠠᠮᠲᠤᠳᠬᠠᠨ ᠪᠠᠶᠢᠭᠤᠯᠵᠤ᠂ | ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠢᠨ᠎ᠡ | ᠬᠡᠯᠪᠡᠷᠢ ᠰᠢᠨ᠎ᠡ ᠰᠡᠳᠬᠢᠮᠵᠢ ᠶᠢᠨ ᠰᠢᠨ᠎ᠡ ᠶᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠤᠨ ᠳᠠᠷᠠᠭ᠎ᠠ᠂ ᠸᠧᠨ ᠾᠦᠢ ᠨᠠᠷ ᠤᠷᠢᠳ ᠬᠤᠵᠢᠳ ᠠᠤᠬᠠᠨ ᠬᠤᠰᠢᠭᠤᠨ ᠤ ᠲᠣᠮᠣ ᠳ᠋ᠠᠶᠢᠲ᠋ᠠ ᠶᠢᠨ | ᠲᠥᠪ᠂ ᠥᠪᠥᠷ ᠮᠣᠩᠭᠤᠯ ᠤᠨ ᠸᠧᠢ ᠨᠢ ᠬᠤᠣ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠴᠢᠨᠠᠷ ᠰᠠᠶᠢᠲᠠᠢ ᠡᠬᠢ | ᠪᠠᠶᠠᠯᠢᠭ ᠢ ︽ᠠᠣᠬᠠᠨ ᠤ ᠬᠤᠯᠪᠤᠭ᠎ᠠ ᠸᠢᠴᠠᠲ︾ ᠲᠠᠪᠴᠠᠩ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ ᠤᠨ ᠪᠠᠶᠢᠭᠤᠯᠤᠯᠲᠠ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ ᠰᠤᠳᠤᠯᠤᠯᠲᠠ | ᠬᠢᠬᠦ ᠶᠢᠨ ᠬᠠᠮᠲᠤ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃ ᠠᠤᠬᠠᠨ ᠬᠤᠰᠢᠭᠤᠨ ᠤ | ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠯᠪᠣᠭᠠᠨ ᠤ ᠪᠦᠷᠢᠯᠳᠦᠬᠦᠨ ᠨᠢᠭᠡᠴᠡ᠂ ᠬᠠᠮᠢᠶ᠎ᠠ | ᠪᠥᠬᠦᠶ ᠳᠤᠮᠳᠠᠳᠤ ᠪᠠᠭ᠎ᠠ ᠰᠤᠷᠭᠠᠭᠤᠯᠢ᠂ ᠬᠡᠰᠡᠭ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ | ᠬᠤᠷᠠᠯ ᠳᠤ ᠰᠤᠯᠠ ᠣᠷᠣᠯᠴᠠᠪᠠ᠃ | | |