ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠲᠤ ᠪᠠᠷ ᠴᠣᠭᠴᠠᠯᠠᠶ᠎ᠠ
ᠨᠡᠶᠢᠲᠡᠯᠡᠭᠰᠡᠨ ᠴᠠᠭ᠄
2024/8/14
     ᠡᠷᠡᠭᠦᠯ ᠪᠥᠭᠡᠳ ᠡᠮᠬᠢ ᠵᠢᠷᠤᠮ ᠲᠠᠢ᠂ ᠡᠷᠬᠡ ᠲᠡᠭᠰᠢ ᠪᠠᠷ ᠥᠷᠢᠰᠦᠯᠳᠦᠬᠦ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠵᠦ᠂  ᠦᠯᠦ ᠲᠡᠭᠡᠭᠡᠬᠦ᠂ ᠦᠨ᠎ᠡ ᠵᠥᠪᠯᠡᠬᠦ᠂ ᠠᠶᠠᠨᠴᠢᠳ ᠢ ᠬᠠᠶᠠᠨ ᠪᠠᠭᠤᠯᠭᠠᠬᠤ ᠵᠢᠴᠢ ᠲᠡᠷᠭᠡᠨ ᠪᠠᠶᠢᠳᠠᠯ ᠲᠡᠭᠰᠢ ᠪᠣᠰᠤ ᠵᠡᠷᠭᠡ ᠵᠢᠷᠤᠮᠵᠢᠯ ᠥᠬᠡᠶ ᠦᠢᠯᠡ ᠠᠵᠢᠯᠯᠠᠭ᠎ᠠ ᠳᠤ ᠭᠤᠤᠯᠳᠠᠯᠭ᠎ᠠ ᠲᠠᠢ ᠴᠢᠭᠯᠡᠭᠦᠯᠦᠨ ᠵᠠᠰᠠᠯᠲᠠ ᠬᠢᠪᠠ᠃    ᠨᠢᠭᠡ ᠳᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠦᠵᠡᠯᠲᠡ ᠶᠢ ᠪᠣᠶ ᠪᠣᠯᠭᠠᠪᠠ᠃ ᠶᠡᠭᠡ ᠠᠩᠭᠢ ᠣᠯᠠᠨ ᠠᠷᠭ᠎ᠠ ᠵᠠᠮ᠂ ᠣᠯᠠᠨ ᠬᠡᠯᠪᠡᠷᠢ ᠪᠠᠷ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠳᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠵᠠᠮ ᠬᠠᠷᠢᠯᠴᠠᠭᠠᠨ ᠤ ᠲᠦᠷᠢᠮ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠰᠠᠶᠢᠨ ᠰᠠᠶᠢᠬᠠᠨ ᠠᠵᠢᠯ ᠲᠥᠷᠥᠯ ᠤᠨ ᠳᠦᠷᠢ ᠲᠥᠷᠬᠦ ᠶᠢ ᠬᠠᠮᠲᠤ ᠪᠠᠷ ᠬᠠᠮᠠᠭᠠᠯᠠᠪᠠ᠃    ᠬᠤᠶᠠᠷ ᠲᠤ ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠠᠷᠢᠯᠢᠭ ᠣᠨᠤᠪᠴᠢᠲᠠᠢ ᠪᠠᠷ ᠴᠣᠬᠢᠯᠲᠠ ᠥᠭᠬᠦ ᠶᠢ  ᠬᠡᠷᠡᠭᠵᠢᠭᠦᠯᠪᠡ᠃  ᠴᠡᠭ ᠲᠣᠭᠲᠠᠭᠠᠬᠤ ᠪᠠ ᠰᠢᠯᠵᠢᠭᠦᠯᠬᠦ᠂ ᠴᠠᠭ ᠲᠣᠭᠲᠠᠭᠠᠬᠤ ᠪᠠ ᠴᠠᠭ ᠲᠣᠭᠲᠠᠭᠠᠬᠤ ᠦᠭᠡᠢ ᠪᠠᠶᠢᠬᠤ ᠶᠢ ᠬᠠᠷᠢᠯᠴᠠᠨ ᠤᠶᠠᠯᠳᠤᠭᠤᠯᠤᠭᠰᠠᠨ ᠠᠮᠢᠳᠤᠯᠢᠭ ᠪᠠᠶᠢᠴᠠᠭᠠᠯᠲᠠ ᠶᠢᠨ ᠠᠷᠭ᠎ᠠ ᠮᠠᠶ᠋ᠢᠭ ᠢ ᠠᠪᠴᠤ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠡᠮᠨᠡᠯᠭᠡ ᠶᠢᠨ ᠬᠤᠷᠢᠶ᠎ᠠ᠂ ᠬᠠᠭᠤᠴᠢᠨ ᠸᠠᠨ ᠴᠢᠶᠠᠩ ᠵᠡᠷᠭᠡ ᠴᠤᠭᠯᠠᠭᠠᠨ ᠶᠡᠬᠡᠲᠡᠢ ᠣᠷᠣᠨ ᠪᠦᠰᠡ ᠵᠢᠴᠢ ᠭᠤᠤᠯᠳᠠᠯᠭ᠎ᠠ ᠲᠠᠢ ᠴᠠᠭ ᠬᠤᠭᠤᠴᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠲᠦᠷᠢᠶᠡᠰᠦᠨ ᠮᠠᠰᠢᠨ ᠤ ᠵᠢᠷᠤᠮᠵᠢᠯ ᠦᠭᠡᠢ ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠦᠨᠡᠨᠬᠦ  ᠪᠠᠲᠤᠯᠠᠪᠠ᠃    ᠭᠤᠷᠪᠠ ᠳᠤ᠂ ᠲᠥᠷᠥᠯ ᠬᠤᠪᠢᠶᠠᠨ ᠠᠷᠭ᠎ᠠ ᠪᠣᠳᠣᠯᠭ᠎ᠠ  ᠶᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠬᠦ ᠬᠠᠯᠠᠭᠤᠨ ᠳᠤᠯᠠᠭᠠᠨ ᠢ ᠢᠯᠡᠷᠡᠭᠦᠯᠪᠡ᠃ ᠴᠡᠭᠴᠡᠯᠡᠨ ᠵᠠᠰᠠᠬᠤ ᠶᠠᠪᠤᠴᠠ ᠳᠤ᠂ ᠶᠡᠭᠡ ᠠᠩᠬᠢ ᠰᠤᠷᠭᠠᠨ ᠬᠥᠮᠦᠵᠢᠭᠦᠯᠬᠦ ᠪᠠ ᠰᠢᠳᠬᠡᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠪᠠ᠃ ᠠᠩᠬ᠎ᠠ ᠤᠳᠠᠭ᠎ᠠ ᠬᠠᠤᠯᠢ ᠠᠴᠠ ᠵᠥᠷᠢᠴᠡᠭᠰᠡᠨ ᠪᠥᠭᠡᠳ ᠦᠢᠯᠡ ᠪᠠᠶᠢᠳᠠᠯ ᠨᠢ ᠬᠥᠩᠭᠡᠨ᠂ ᠬᠤᠤᠷ ᠬᠥᠨᠥᠭᠡᠯ ᠢᠶᠠᠷ ᠨᠡᠯᠢᠶᠡᠳ ᠪᠠᠭ᠎ᠠ ᠦᠢᠯᠡ ᠠᠵᠢᠯᠯᠠᠭ᠎ᠠ ᠶᠢ ᠰᠢᠭᠦᠮᠵᠢᠯᠡᠨ ᠰᠤᠷᠭᠠᠬᠤ᠂ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠯᠠᠷᠠᠭᠤᠯᠪᠠ᠃    ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠠᠤᠯᠢ ᠬᠡᠷᠡᠭᠵᠢᠭᠦᠯᠬᠦ ᠠᠵᠢᠯᠲᠠᠨ ᠢ 20 ᠬᠥᠮᠦᠨ ᠤᠳᠠᠭ᠎ᠠ ᠬᠥᠳᠡᠯᠭᠡᠵᠦ᠂ 100 ᠭᠠᠷᠤᠶ ᠲᠦᠷᠢᠶᠡᠰᠦᠨ ᠮᠠᠰᠢᠨ ᠲᠡᠷᠭᠡ ᠶᠢ ᠪᠠᠶᠢᠴᠠᠭᠠᠵᠤ᠂ ᠲᠦᠷᠢᠮᠵᠢᠯ ᠥᠬᠡᠶ 3 ᠠᠵᠢᠯᠯᠠᠭ᠎ᠠ ᠶᠢ ᠲᠤᠬᠠᠶ ᠶᠢᠨ ᠲᠠᠯᠠᠪᠠᠶ ᠳᠤ ᠵᠠᠯᠠᠷᠠᠭᠤᠯᠵᠤ᠂ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠦᠲᠦᠮᠵᠢᠲᠡᠶ ᠴᠡᠪᠡᠷᠰᠢᠭᠦᠯᠪᠡ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠬᠤᠯᠪᠣᠭᠠᠯᠠᠨ ᠬᠠᠤᠯᠢ ᠬᠡᠷᠡᠭᠵᠢᠭᠦᠯᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠵᠠᠮ ᠢᠶᠠᠨ ᠥᠷᠭᠡᠳᠬᠡᠨ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠪᠠᠨ ᠭᠦᠨᠵᠡᠭᠡᠶᠢᠷᠡᠭᠦᠯᠵᠦ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠦᠨᠡᠨ ᠬᠦ ᠪᠠᠲᠤᠯᠠᠵᠤ᠂ ᠠᠶᠠᠨᠴᠢᠳ ᠲᠤ ᠨᠠᠩ ᠠᠮᠤᠷ ᠲᠦᠪᠰᠢᠨ᠂ ᠳᠥᠭᠦᠮ ᠳᠥᠲᠡ᠂ ᠲᠠᠭᠠᠯᠠᠮᠵᠢᠲᠠᠶ ᠶᠠᠪᠤᠵᠤ ᠰᠠᠭᠤᠬᠤ ᠦᠢᠯᠡᠴᠢᠯᠡᠭᠡ ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号