ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠷᠢᠳᠴᠢᠯᠠᠨ ᠪᠣᠭᠤᠳᠠᠯᠯᠠᠭᠰᠠᠨ ᠢᠳᠡᠭᠡᠨ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/8/14
    ᠤᠷᠢᠳᠴᠢᠯᠠᠨ ᠪᠣᠭᠤᠳᠠᠯᠯᠠᠬᠤ ᠢᠳᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠷᠢᠳᠴᠢᠯᠠᠨ ᠪᠣᠭᠤᠳᠠᠯᠯᠠᠬᠤ ᠢᠳᠡᠭᠡᠨ ᠤ ᠡᠵᠡᠩᠨᠡᠭᠴᠢ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠤᠷᠢᠳᠴᠢᠯᠠᠨ ᠪᠣᠭᠤᠳᠠᠯᠯᠠᠬᠤ ᠢᠳᠡᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠬᠤ ᠶᠢᠨ ᠲᠥᠯᠥᠭᠡ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠷᠢᠳᠴᠢᠯᠠᠨ ᠪᠣᠭᠤᠳᠠᠯᠯᠠᠬᠤ ᠢᠳᠡᠭᠡᠨ ᠢ ᠰᠤᠭᠤᠴᠢᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠤᠷᠢᠳᠴᠢᠯᠠᠨ ᠪᠣᠭᠤᠳᠠᠯᠯᠠᠬᠤ ᠢᠳᠡᠭᠡᠨ ᠤ ᠡᠵᠡᠩᠨᠡᠯᠲᠡ ᠶᠢᠨ 5 ᠨᠢᠭᠡᠴᠡ ᠶᠢ ᠰᠣᠩᠭᠤᠨ ᠪᠠᠶᠢᠴᠠᠭᠠᠪᠠ᠃    ᠲᠣᠰ ᠤᠳᠠᠭᠠᠨ ᠤ ᠰᠤᠭᠤᠴᠢᠨ ᠪᠠᠶᠢᠴᠠᠭᠠᠬᠤ ᠠᠵᠢᠯᠯᠠᠭ᠎ᠠ ᠳᠤᠮᠳᠠ᠂ ᠨᠡᠶᠢᠲᠡ 1 ᠮᠠᠰᠢᠨ ᠲᠡᠷᠭᠡ ᠬᠥᠳᠡᠯᠭᠡᠵᠦ᠂ 6 ᠬᠥᠮᠦᠨ ᠢ ᠰᠤᠭᠤᠴᠢᠨ ᠪᠠᠶᠢᠴᠠᠭᠠᠵᠤ᠂ ᠬᠠᠷᠢᠶᠠᠲᠤ ᠣᠷᠣᠨ ᠤ ᠳᠣᠲᠣᠷᠠᠬᠢ ᠬᠥᠮᠦᠨ ᠠᠮᠠ ᠨᠡᠯᠢᠶᠡᠳ ᠨᠢᠭᠲᠠ ᠪᠥᠭᠡᠳ ᠵᠣᠬᠢᠬᠤ ᠬᠡᠪᠴᠢᠶ᠎ᠡ ᠲᠠᠢ ᠡᠯ᠎ᠡ ᠲᠥᠷᠥᠯ ᠤᠨ ᠬᠡᠲᠦ ᠳᠡᠯᠭᠡᠭᠦᠷ ᠲᠤ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠯᠲᠠ ᠥᠷᠨᠢᠭᠦᠯᠪᠡ᠃ ᠲᠣᠰ ᠤᠳᠠᠭᠠᠨ ᠤ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠳᠤ 15 ᠪᠦᠯᠦᠭ ᠤᠳᠠᠭ᠎ᠠ ᠤᠷᠢᠳᠴᠢᠯᠠᠨ ᠪᠣᠭᠤᠳᠠᠯᠯᠠᠭᠰᠠᠨ ᠢᠳᠡᠭᠡᠨ ᠢ ᠰᠤᠭᠤᠴᠢᠨ ᠪᠠᠶᠢᠴᠠᠭᠠᠵᠤ᠂ ᠲᠤᠬᠠᠶ ᠶᠢᠨ ᠲᠠᠯᠠᠪᠤᠷ ᠲᠤ ᠦᠢᠯᠡᠳᠬᠦᠨ ᠤ ᠭᠠᠳᠠᠷ ᠪᠣᠭᠤᠳᠠᠯ ᠤᠨ ᠠᠰᠠᠭᠤᠳᠠᠯ ᠢ ᠦᠨᠳᠦᠰᠦᠯᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ ᠤ ᠱᠣᠰᠢᠭ᠎ᠠ ᠲᠡᠮᠳᠡᠭ ᠬᠠᠳᠠᠬᠤ ᠳᠤ ᠠᠩᠬᠠᠷᠬᠤ ᠵᠦᠢᠯᠡᠰ ᠢ ᠤᠬᠠᠭᠤᠯᠤᠨ ᠲᠠᠶᠢᠯᠪᠤᠷᠢᠯᠠᠵᠤ᠂ ᠬᠤᠳᠠᠯᠳᠤᠭᠠᠴᠢᠳ ᠢ ᠬᠠᠮᠢᠶᠠᠷᠤᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠨᠡᠪᠲᠡᠷᠡᠯᠴᠡᠭᠡ ᠪᠠᠨ ᠴᠢᠩᠭᠠᠳᠬᠠᠨ᠂ ᠢᠳᠡᠪᠬᠢᠲᠡᠶ ᠪᠠᠷ ᠵᠣᠬᠢᠴᠠᠭᠤᠯᠵᠤ᠂ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ ᠭᠡᠵᠦ ᠱᠠᠭᠠᠷᠳᠠᠪᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠷᠢᠳᠴᠢᠯᠠᠨ ᠪᠣᠭᠤᠳᠠᠯᠯᠠᠭᠰᠠᠨ ᠢᠳᠡᠭᠡᠨ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠥᠷᠨᠢᠭᠦᠯᠵᠦ᠂ ᠢᠳᠡᠭᠡᠨ ᠤ ᠡᠵᠡᠩᠨᠡᠯᠲᠡ ᠶᠢᠨ ᠨᠢᠭᠡᠴᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号