ᠬᠥᠯᠥᠨ ᠪᠤᠶᠢᠷ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠠᠤᠬᠠᠨ ᠬᠤᠰᠢᠭᠤᠨ ᠳᠤ  ᠢᠷᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/8/14
    8 ᠰᠠᠷ᠎ᠠ ᠶᠢᠨ 12 ᠤᠨ ᠡᠳᠦᠷ᠂ ᠬᠥᠯᠥᠨ ᠪᠤᠶᠢᠷ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠡᠷᠬᠢᠯᠡᠭᠴᠢᠳ ᠤᠨ ᠬᠤᠷᠠᠯ ᠤᠨ ᠡᠷᠬᠢᠯᠡᠭᠴᠢ ᠶᠠᠩ ᠰᠢᠶᠤᠤ ᠭᠠᠩ ᠪᠦᠯᠬᠦᠮ ᠳᠠᠭᠠᠭᠤᠯᠤᠨ ᠤᠯᠠᠭᠠᠨᠬᠠᠳᠠ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠡᠷᠬᠢᠯᠡᠭᠴᠢᠳ ᠤᠨ ᠬᠤᠷᠠᠯ ᠤᠨ ᠡᠷᠬᠢᠯᠡᠭᠴᠢ ᠯᠢᠦᠶ ᠱᠢ ᠵᠥᠩ ᠪᠠᠷ᠎ᠠ ᠪᠣᠯᠵᠣ ᠠᠤᠬᠠᠨ ᠬᠤᠰᠢᠭᠤᠨ ᠳᠤ ︽ᠭᠤᠷᠪᠠ ᠶᠢ ᠨᠢᠭᠡ ᠴᠤᠭᠴᠠᠵᠢᠭᠤᠯᠬᠤ︾ ᠠᠵᠢᠯ ᠢ ᠰᠢᠨᠵᠢᠯᠡᠨ ᠪᠠᠶᠢᠴᠠᠭᠠᠵᠤ᠂ ᠠᠤᠬᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠤᠬᠠᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠢᠦᠶ ᠯᠢᠩ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠠᠤᠬᠠᠨ ᠬᠤᠰᠢᠭᠤᠨ ᠤ ᠰᠢᠶᠠ ᠸᠠ ᠶᠢᠨ ᠠᠷᠠᠳ ᠲᠤ ᠦᠢᠯᠡᠴᠢᠯᠡᠬᠦ ᠬᠢᠵᠠᠭᠠᠷᠲᠤ ᠺᠣᠮᠫᠠᠨᠢ ᠪᠣᠯᠤᠨ ᠠᠤᠬᠠᠨ ᠬᠤᠰᠢᠭᠤᠨ ᠤ ᠮᠣᠳᠣᠨ ᠠᠶᠢᠯ ᠰᠢᠶᠠᠩ ᠤᠨ ᠠᠷᠠᠳ ᠲᠤ ᠦᠢᠯᠡᠴᠢᠯᠡᠬᠦ ᠬᠢᠵᠠᠭᠠᠷᠲᠤ ᠺᠣᠮᠫᠠᠨᠢ ᠳᠤ ᠬᠦᠷᠴᠦ᠂ ︽ᠭᠤᠷᠪᠠ ᠶᠢ ᠨᠢᠭᠡ ᠴᠤᠬᠴᠠᠵᠢᠭᠤᠯᠬᠤ︾ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠤᠢᠢᠯᠠᠭᠠᠭᠰᠠᠨ ᠪᠥᠭᠡᠳ ᠶᠠᠷᠢᠯᠴᠠᠬᠤ ᠬᠤᠷᠠᠯ  ᠬᠤᠷᠠᠯᠳᠤᠪᠠ     ᠠᠤᠬᠠᠨ ᠬᠤᠰᠢᠭᠤᠨ ᠤ ᠰᠢᠶᠠ ᠸᠠ ᠶᠢᠨ ᠠᠷᠠᠳ ᠲᠤ ᠦᠢᠯᠡᠴᠢᠯᠡᠬᠦ ᠬᠢᠵᠠᠭᠠᠷᠲᠤ ᠺᠣᠮᠫᠠᠨᠢ ᠳᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠦᠢᠯᠡᠴᠢᠯᠡᠭᠡᠨ ᠤ ᠲᠥᠪ ᠤᠨ ᠲᠥᠬᠦᠭᠡᠷᠦᠮᠵᠢ ᠶᠢᠨ ᠲᠣᠬᠢᠷᠠᠭᠤᠯᠤᠯᠲᠠ᠂ ᠦᠢᠯᠡᠴᠢᠯᠡᠭᠡᠨ ᠤ ᠶᠠᠪᠤᠴᠠ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠪᠡ᠃ ᠲᠤᠰ ᠺᠣᠮᠫᠠᠨᠢ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠵᠢᠴᠢ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡ ᠵᠡᠷᠭᠡ ᠲᠠᠯ᠎ᠠ ᠪᠠᠷ ᠬᠢᠭᠰᠡᠨ ᠠᠵᠢᠯ ᠵᠢᠴᠢ ᠲᠠᠷᠢᠶᠠᠴᠢᠨ ᠡᠷᠦᠬᠡ ᠲᠠᠢ ᠬᠡᠷᠬᠢᠨ ᠨᠢᠭᠲᠠ ᠬᠠᠮᠲᠤᠷᠠᠯᠴᠠᠬᠤ ᠬᠠᠷᠢᠴᠠᠭ᠎ᠠ ᠪᠠᠶᠢᠭᠤᠯᠬᠤ ᠪᠠᠷ ᠳᠠᠮᠵᠢᠭᠤᠯᠤᠨ᠂ ᠤᠨᠢᠨ ᠳᠡᠭᠡᠷ᠎ᠡ ᠨᠢ ᠦᠢᠯᠡᠴᠢᠯᠡᠬᠦ ᠶᠢ ᠪᠡᠶᠡᠯᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃    ᠠᠤᠬᠠᠨ ᠬᠤᠰᠢᠭᠤᠨ ᠤ ᠮᠣᠳᠤᠨ ᠠᠶᠢᠯ ᠰᠢᠶᠠᠩ ᠤᠨ ᠠᠷᠠᠳ ᠲᠤ ᠦᠢᠯᠡᠴᠢᠯᠡᠬᠦ ᠬᠢᠵᠠᠭᠠᠷᠲᠤ ᠺᠣᠮᠫᠠᠨᠢ ᠳᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠣᠲᠣᠭᠠᠳᠤ ᠶᠢᠨ ᠲᠤᠬᠠᠶᠢᠯᠠᠭᠰᠠᠨ ᠠᠵᠢᠯ᠂ ᠬᠠᠲᠠᠭᠤ ᠬᠡᠷᠡᠭᠰᠡᠯ ᠤᠨ ᠠᠵᠢᠯᠯᠠᠬᠤ ᠲᠥᠬᠦᠭᠡᠷᠦᠮᠵᠢ᠂ ᠠᠵᠢᠯᠳᠠᠨ ᠤ ᠬᠠᠮᠢᠶᠠᠷᠤᠯᠲᠠ᠂ ᠵᠣᠬᠢᠶᠠᠨ ᠪᠠᠶᠢᠭᠤᠯᠵᠤ ᠡᠵᠡᠩᠨᠡᠬᠦ ᠵᠠᠭᠪᠤᠷ ᠵᠢᠴᠢ ᠬᠥᠳᠡᠭᠡ ᠲᠣᠰᠬᠤᠨ ᠤ ᠡᠯᠧᠺᠲᠷᠣᠨ  ᠬᠤᠳᠠᠯᠳᠤᠭᠠᠨ ᠤ ᠬᠥᠭᠵᠢᠯᠲᠡ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠥᠳᠡᠭᠡ ᠪᠠᠭᠤᠯᠭᠠᠬᠤ ᠵᠡᠷᠭᠡ ᠲᠠᠯ᠎ᠠ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠶᠢᠯᠠᠭᠠᠪᠠ᠃    ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ︽ᠭᠤᠷᠪᠠ ᠶᠢ ᠨᠢᠭᠡ ᠴᠤᠬᠴᠠᠵᠢᠭᠤᠯᠬᠤ︾ ᠠᠵᠢᠯ ᠤᠨ ᠲᠤᠷᠰᠢᠯᠭ᠎ᠠ᠂ ᠠᠰᠠᠭᠤᠳᠠᠯ ᠵᠢᠴᠢ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠤᠨ ᠲᠣᠭᠤᠷᠢᠨ ᠳᠤ ᠭᠦᠨᠵᠡᠭᠡᠢ ᠰᠣᠯᠢᠯᠴᠠᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠠᠤᠬᠠᠨ ᠬᠤᠰᠢᠭᠤᠨ ᠤ ︽ᠭᠤᠷᠪᠠ ᠶᠢ ᠨᠢᠭᠡ ᠴᠤᠭᠴᠠᠵᠢᠭᠤᠯᠬᠤ︾ ᠠᠵᠢᠯ ᠤᠨ ᠳᠤᠮᠳᠠ ᠣᠯᠤᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠰᠤᠷᠤᠯᠴᠠᠯᠭ᠎ᠠ ᠪᠠᠷ ᠳᠡᠮᠵᠢᠨ᠂ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠥᠷᠭᠡᠨ ᠠᠭᠤᠳᠠᠮ ᠢᠷᠡᠭᠡᠳᠦᠶ ᠶᠢ ᠣᠯᠵᠤ ᠬᠠᠷᠠᠭᠰᠠᠨ ᠪᠥᠭᠡᠳ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠵᠠᠭᠪᠤᠷ ᠢ ᠭᠦᠨᠵᠡᠭᠡᠶ ᠣᠶᠢᠯᠠᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号