ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 1 —7 ᠰᠠᠷ᠎ᠠ ᠳᠤ ︽ᠪᠦᠬᠦᠨ ᠳᠤ ᠲᠣᠬᠢᠷᠠᠬᠤ ᠺᠠᠷᠲ︾ ᠢᠶᠠᠷ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ 15097.16 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2024/8/14
    2024 ᠣᠨ ᠤ 1 —7 ᠰᠠᠷ᠎ᠠ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︽ᠪᠦᠬᠦᠨ ᠳᠤ ᠲᠣᠬᠢᠷᠠᠬᠤ ᠺᠠᠷᠲ︾ ᠤᠨ ᠲᠠᠪᠴᠠᠩ ᠢᠶᠠᠷ ᠳᠠᠮᠵᠢᠭᠤᠯᠤᠨ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠡᠳ᠋ ᠤᠨ ᠵᠠᠰᠠᠭ ᠤᠨ ᠨᠥᠬᠦᠪᠥᠷᠢ ᠮᠥᠩᠭᠦ 15097.16 ᠲᠦᠮᠡᠨ ᠲᠥᠭᠦᠷᠢᠭ ᠲᠠᠷᠬᠠᠭᠠᠪᠠ ᠂ ᠡᠭᠦᠨ ᠳᠤ᠄ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ 8231.88 ᠲᠦᠮᠡᠨ ᠲᠥᠭᠦᠷᠢᠭ᠂ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ 703.61 ᠲᠦᠮᠡᠨ ᠲᠥᠭᠦᠷᠢᠭ᠂ ᠲᠠᠪᠤᠨ ᠪᠠᠲᠤᠯᠠᠭ᠎ᠠ ᠶᠢᠨ ᠠᠰᠠᠷᠠᠨ ᠲᠡᠵᠢᠭᠡᠬᠦ ᠨᠥᠬᠦᠪᠥᠷᠢ 1459.49 ᠲᠦᠮᠡᠨ ᠲᠥᠭᠦᠷᠢᠭ᠂ ᠠᠰᠠᠷᠠᠮᠵᠢ ᠶᠢᠨ ᠨᠦᠬᠦᠪᠦᠷᠢ 1635.90 ᠲᠦᠮᠡᠨ ᠲᠥᠭᠦᠷᠢᠭ᠂ ᠵᠡᠮᠳᠡᠭᠴᠦᠳ ᠤᠨ ᠨᠦᠬᠦᠪᠦᠷᠢ 1200.40 ᠲᠦᠮᠡᠨ ᠲᠥᠭᠦᠷᠢᠭ᠂ ᠤᠷᠲᠤ ᠨᠠᠰᠤᠯᠠᠬᠤ ᠨᠥᠬᠦᠪᠥᠷᠢ 801.47 ᠲᠦᠮᠡᠨ ᠲᠥᠭᠦᠷᠢᠭ᠂ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠵᠠᠷᠤᠳᠠᠯ 545.67 ᠲᠦᠮᠡᠨ ᠲᠥᠭᠦᠷᠢᠭ᠂ ᠪᠤᠰᠤᠳ ᠨᠥᠬᠦᠪᠥᠷᠢ ᠪᠡᠯᠡ ᠮᠥᠩᠭᠦ 518.74 ᠲᠦᠮᠡᠨ ᠲᠥᠭᠦᠷᠢᠭ ᠲᠠᠷᠬᠠᠭᠠᠪᠠ᠃    ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ᠂ ᠪᠠᠯᠠ ᠮᠥᠩᠭᠦ ᠣᠯᠭᠤᠬᠤ ᠦᠷ᠎ᠡ ᠪᠦᠲᠦᠮᠵᠢ ᠪᠠ ᠣᠨᠣᠪᠴᠢᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠭᠤᠬᠤ ᠪᠥᠬᠦ ᠶᠠᠪᠤᠴᠠ ᠶᠢᠨ ᠬᠥᠳᠡᠯᠦᠩᠭᠦᠶ ᠪᠠᠶᠢᠳᠠᠯ ᠢ ᠴᠠᠭ ᠲᠤᠬᠠᠶ ᠳᠤᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠪᠠᠷᠢᠮᠵᠢᠶ᠎ᠠ ᠨᠢ ᠨᠢᠭᠡᠳᠦᠯᠲᠡᠶ᠂ ᠶᠠᠪᠤᠴᠠ ᠨᠢ ᠵᠢᠷᠤᠮᠵᠢᠯ ᠲᠠᠢ᠂ ᠭᠠᠷᠳᠠᠨ ᠭᠦᠢᠴᠡᠳᠬᠡᠬᠦ ᠨᠢ ᠥᠨᠳᠥᠷ ᠪᠦᠲᠦᠮᠵᠢᠲᠡᠶ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠨᠢ ᠬᠦᠴᠦᠲᠡᠶ᠂ ᠣᠯᠠᠨ ᠲᠦᠮᠡᠨ ᠤ ᠬᠡᠷᠡᠭᠯᠡᠯᠲᠡ ᠳᠤ ᠳᠥᠭᠦᠮ ᠳᠥᠲᠡ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠣᠯᠠᠨ ᠲᠦᠮᠡᠨ ᠤ ᠪᠠᠯᠠ ᠮᠥᠩᠭᠦ ᠶᠢᠨ ᠵᠣᠭᠤᠰ ᠵᠢᠴᠢ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠣᠶᠢᠯᠠᠭᠠᠬᠤ ᠳᠤ ᠲᠥᠬᠦᠮ ᠦᠵᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号