ᠸᠠᠩ ᠶᠦᠩ ᠵᠢᠶᠦ᠋ᠨ ᠬᠤᠸᠠᠩ ᠶᠠᠩ ᠸᠠ ᠪᠠᠯᠭᠠᠰᠤᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/8/14
       8 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠬᠤᠸᠠᠩ ᠶᠠᠩ ᠸᠠ ᠪᠠᠯᠭᠠᠰᠤᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠰᠢᠶᠠ ᠯᠢ ᠮᠢᠩ᠂ ᠪᠠᠯᠭᠠᠰᠤᠨ ᠤ ᠨᠠᠮ ᠤᠨ ᠬᠤᠷᠢᠶ᠎ᠠ ᠶᠢᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠸᠠᠩ ᠶᠦᠩ ᠵᠢᠶᠦ᠋ᠨ ᠨᠡᠷ  ᠶᠠᠩ ᠴᠠᠩ ᠨᠡᠶᠢᠭᠡᠮ ᠲᠣᠭᠤᠷᠢᠭ ᠤᠨ ᠵᠡᠭᠡᠯᠢ ᠭᠤᠳᠤᠮᠵᠢ ᠶᠢᠨ ᠤᠰᠤ ᠲᠠᠲᠠᠷᠠᠭᠤᠯᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠤᠬᠠᠢ ᠶᠢᠨ ᠲᠠᠯᠠᠪᠠᠢ ᠳᠤ ᠵᠡᠭᠡᠯᠢ ᠭᠤᠳᠤᠮᠵᠢ ᠶᠢᠨ ᠤᠰᠤ ᠬᠤᠷᠠᠭᠰᠠᠨ ᠰᠢᠯᠲᠠᠭᠠᠨ ᠢ ᠵᠠᠳᠠᠯᠵᠤ᠂ ᠵᠠᠰᠠᠬᠤ ᠲᠥᠰᠦᠯ ᠢ ᠰᠤᠳᠤᠯᠵᠤ᠂ ᠬᠠᠮᠢᠶ᠎ᠠ ᠪᠦᠬᠦᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠪᠡ᠃ ᠵᠢᠵᠢᠭᠦᠷᠯᠡᠨ ᠰᠠᠬᠢᠬᠤ᠂ ᠪᠡᠯᠡᠳᠬᠡᠯ ᠲᠥᠰᠦᠯ ᠲᠣᠭᠲᠠᠭᠠᠬᠤ᠂ ᠡᠳ᠋ ᠪᠣᠳᠠᠰ ᠤᠨ ᠪᠡᠯᠡᠳᠬᠡᠯ᠂ ᠦᠶᠡᠷ ᠢ ᠥᠩᠭᠡᠷᠡᠭᠦᠯᠬᠦ ᠲᠥᠰᠦᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠢ ᠨᠢᠭᠲᠠ ᠠᠩᠬᠠᠷᠴᠤ᠂ ᠪᠣᠳᠠᠲᠠᠶ ᠪᠠᠶᠢᠳᠠᠯ ᠳᠤ ᠴᠢᠭᠯᠡᠭᠦᠯᠦᠨ ᠴᠠᠭ ᠲᠤᠬᠠᠶ ᠳᠤᠨᠢ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠴᠤ᠂ ᠠᠵᠢᠯᠲᠠᠨ᠂ ᠡᠳ᠋ ᠪᠣᠳᠠᠰ ᠢ ᠲᠣᠬᠢᠷᠠᠭᠤᠯᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠪᠣᠳᠠᠲᠠᠶ ᠵᠢᠯᠣᠭᠤᠳᠬᠤ ᠰᠠᠨᠠᠯ ᠳᠤᠷᠠᠳᠪᠠ᠃    ᠸᠠᠩ ᠶᠦᠩ ᠵᠢᠶᠦ᠋ᠨ ᠠᠴᠠ᠂ ᠦᠶᠡᠷ ᠢ ᠰᠡᠷᠭᠡᠶᠢᠯᠡᠬᠦ ᠳᠤ ᠪᠣᠷᠣᠭᠠᠨ ᠠᠴᠠ ᠡᠮᠦᠨ᠎ᠡ ᠪᠡᠯᠡᠳᠬᠡᠯ ᠬᠢᠬᠦ ᠬᠡᠷᠡᠭᠲᠡᠶ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠣᠳᠣᠬᠠᠨ ᠤ ᠶᠡᠭᠡ ᠶᠠᠪᠤᠳᠠᠯ ᠪᠣᠯᠭᠠᠨ ᠠᠳᠬᠤᠵᠤ᠂ ᠦᠨᠡᠨ ᠬᠦ ᠪᠦᠲᠦᠮᠵᠢᠲᠡᠶ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠪᠣᠯᠤᠨ ᠶᠡᠭᠡ ᠦᠶᠡᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠣᠭᠲᠠᠭᠠᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠰᠠᠶᠢᠲᠤᠷ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ︔ ᠠᠶᠢᠯ ᠲᠣᠰᠬᠤᠨ ᠤ ᠤᠰᠤ ᠵᠠᠯᠠᠬᠤ ᠬᠦᠨᠳᠦ ᠨᠣᠴᠢᠲᠠᠢ ᠵᠠᠮ ᠤᠨ ᠬᠡᠰᠡᠭ ᠤᠨ ᠤᠰᠤ ᠵᠠᠯᠠᠬᠤ ᠡᠷᠴᠢᠮ ᠢ ᠴᠢᠩᠭᠠᠷᠠᠭᠤᠯᠵᠤ᠂ ᠬᠦᠴᠦᠨ ᠢᠶᠠᠨ ᠵᠣᠬᠢᠶᠠᠨ ᠪᠠᠶᠢᠭᠤᠯᠤᠨ ᠤᠰᠤ ᠵᠠᠯᠠᠬᠤ ᠰᠤᠪᠠᠭ ᠢ ᠲᠦᠷᠭᠡᠨ ᠮᠠᠯᠲᠠᠵᠤ᠂ ᠠᠷᠭ᠎ᠠ ᠪᠦᠬᠦᠨ ᠢ ᠰᠦᠪᠡᠭᠴᠢᠯᠡᠵᠦ᠂ ᠪᠣᠷᠣᠭᠠᠨ ᠲᠠᠢ ᠡᠳᠦᠷ ᠠᠷᠠᠳ ᠤᠯᠠᠨ ᠤ ︽ᠨᠢᠭᠡ ᠪᠡᠶ᠎ᠡ ᠤᠰᠤ᠂ ᠨᠢᠭᠡ ᠬᠦᠯ ᠰᠢᠪᠠᠷ︾ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠶᠠᠪᠤᠵᠤ ᠰᠠᠭᠤᠬᠤ ᠣᠷᠴᠢᠨ ᠲᠣᠭᠤᠷᠢᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ︔ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠵᠦ᠂ ᠤᠰᠤ ᠲᠠᠲᠠᠷᠠᠭᠤᠯᠬᠤ ᠬᠤᠭᠤᠯᠠᠶ ᠶᠢᠨ ᠲᠣᠣᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠨ ᠲᠡᠭᠦᠯᠳᠡᠷᠵᠢᠭᠦᠯᠵᠦ᠂ ᠵᠠᠮ ᠳᠡᠭᠡᠷ᠎ᠡ ᠤᠰᠤ ᠬᠤᠷᠠᠬᠤ ᠠᠰᠠᠭᠤᠳᠠᠯ ᠢ ᠦᠨᠳᠦᠰᠦᠨ ᠠᠴᠠ ᠨᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠪᠣᠷᠣᠭᠠᠨ ᠤ ᠳᠠᠷᠠᠭ᠎ᠠ ᠴᠠᠭ ᠲᠤᠬᠠᠶ ᠳᠤᠨᠢ ᠬᠦᠴᠦᠨ ᠢᠶᠠᠨ ᠵᠣᠬᠢᠶᠠᠨ ᠪᠠᠶᠢᠭᠤᠯᠤᠨ ᠤᠰᠤ ᠵᠠᠯᠠᠬᠤ ᠰᠤᠪᠠᠭ ᠢ ᠴᠡᠪᠡᠷᠯᠡᠨ ᠨᠡᠪᠲᠡᠷᠡᠭᠦᠯᠵᠦ᠂ ᠵᠠᠮ ᠳᠡᠭᠡᠷ᠎ᠡ ᠤᠰᠤ ᠬᠤᠷᠠᠭᠰᠠᠨ ᠢ ᠴᠡᠪᠡᠷᠯᠡᠨ ᠠᠷᠢᠯᠭᠠᠵᠤ᠂ ᠪᠠᠴᠢᠮ ᠪᠠᠶᠢᠳᠠᠯ ᠢ ᠠᠷᠭᠠᠴᠠᠬᠤ ᠤᠰᠤ ᠲᠠᠲᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ  ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号