ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠤᠷᠠᠬᠤ ᠠᠶᠤᠯᠲᠠᠶ ᠬᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠦᠨᠡᠯᠡᠨ ᠲᠣᠭᠲᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠪᠡ
ᠨᠡᠶᠢᠲᠡᠯᠡᠭᠰᠡᠨ ᠴᠠᠭ᠄
2024/8/15
     ᠣᠶᠢᠷ᠎ᠠ ᠳᠤ᠂ ᠠᠤᠬᠠᠨ ᠬᠤᠰᠢᠭᠤ ᠰᠢᠨ᠎ᠡ ᠨᠢᠭᠡ ᠡᠭᠡᠯᠵᠢ ᠶᠢᠨ ᠰᠢᠷᠦᠭᠦᠨ ᠪᠣᠷᠣᠭᠠᠨ ᠣᠷᠣᠵᠤ᠂ ᠮᠠᠯᠵᠢᠬᠤ ᠲᠠᠷᠢᠶᠠᠯᠠᠬᠤ ᠣᠷᠣᠨ ᠤ ᠬᠡᠷ ᠪᠠᠶᠢᠰᠢᠩ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ 8 ᠰᠠᠷ᠎ᠠ ᠶᠢᠨ 14 ᠤ ᠡᠳᠦᠷ ᠠᠴᠠ ᠡᠬᠢᠯᠡᠨ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠤᠳᠤᠷᠢᠳᠬᠤ ᠪᠠᠭ ᠤᠨ ᠪᠦᠷᠢᠯᠳᠦᠬᠦᠨ ᠢ ᠳᠠᠭᠠᠭᠤᠯᠤᠨ᠂ 16 ᠲᠤᠰᠬᠠᠶ ᠮᠡᠷᠭᠡᠵᠢᠯ ᠤᠨ ᠠᠵᠢᠯᠲᠠᠨ ᠢ ᠰᠣᠩᠭᠤᠨ ᠳᠥᠷᠪᠡᠨ ᠠᠵᠢᠯᠯᠠᠬᠤ ᠳᠤᠭᠤᠶᠢᠯᠠᠩ ᠪᠠᠶᠢᠭᠤᠯᠵᠤ᠂ ᠲᠣᠰ ᠲᠣᠰ ᠬᠤᠸᠠᠩ ᠶᠠᠩ ᠸᠠ ᠪᠠᠯᠭᠠᠰᠤ᠂ ᠰᠧ ᠵᠢᠶᠠ ᠽᠢ ᠪᠠᠯᠭᠠᠰᠤ᠂ ᠨᠦᠬᠡᠲᠦ ᠪᠠᠯᠭᠠᠰᠤ᠂ ᠮᠠᠨᠢᠬᠠᠨ ᠰᠢᠶᠠᠩ ᠵᠡᠷᠭᠡ ᠭᠠᠵᠠᠷ ᠲᠤ ᠭᠦᠨᠵᠡᠭᠡᠶᠢᠷᠡᠵᠦ᠂ ᠰᠢᠶᠠᠩ ᠪᠠᠯᠭᠠᠰᠤ ᠰᠤᠮᠤ ᠶᠢᠨ ᠵᠠᠰᠠᠭ ᠤᠨ ᠣᠷᠳᠣᠨ ᠲᠠᠢ ᠬᠠᠮᠲᠤᠷᠠᠨ ᠮᠠᠯᠵᠢᠬᠤ ᠲᠠᠷᠢᠶᠠᠯᠠᠬᠤ ᠣᠷᠣᠨ ᠤ ᠬᠠᠭᠤᠴᠢᠨ ᠬᠡᠷ ᠪᠠᠶᠢᠰᠢᠩ ᠤᠨ ᠠᠮᠤᠷ ᠲᠦᠪᠰᠢᠨ ᠤ ᠠᠰᠠᠭᠤᠳᠠᠯ ᠢ ᠨᠡᠶᠢᠳᠡᠮ ᠵᠢᠭᠰᠠᠭᠠᠨ ᠪᠠᠶᠢᠴᠠᠭᠠᠬᠤ ᠪᠠ ᠦᠨᠡᠯᠡᠨ ᠲᠣᠭᠲᠠᠭᠠᠵᠤ᠂ ᠲᠤᠬᠠᠶ ᠶᠢᠨ ᠲᠠᠯᠠᠪᠤᠷ ᠲᠤ ᠬᠠᠮᠢᠶ᠎ᠠ ᠪᠥᠬᠦᠶ ᠠᠰᠠᠭᠤᠳᠠᠯ ᠢ ᠵᠢᠯᠣᠭᠤᠳᠤᠨ ᠵᠣᠬᠢᠴᠠᠭᠤᠯᠵᠤ ᠰᠢᠢᠳᠪᠦᠷᠢᠯᠡᠪᠡ᠃    ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠵᠠᠩ ᠨᠠᠢ ᠾᠦᠢ᠂ ᠣᠳᠣᠬᠠᠨ ᠤ ᠪᠠᠶᠢᠳᠠᠯ ᠳᠣᠤᠷ᠎ᠠ᠂ ᠡᠩ ᠲᠡᠷᠢᠭᠦᠨ ᠳᠤ ᠠᠮᠤᠷ ᠲᠦᠪᠰᠢᠨ ᠢ ᠪᠠᠲᠤᠯᠠᠵᠤ᠂ ᠨᠤᠷᠠᠬᠤ ᠠᠶᠤᠯᠲᠠᠶ ᠬᠡᠷ ᠪᠠᠶᠢᠰᠢᠩ ᠢ ᠠᠷᠢᠯᠭᠠᠬᠤ ᠬᠡᠷᠡᠭᠲᠡᠶ᠃ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠤᠬᠠᠨ ᠬᠤᠰᠢᠭᠤᠨ ᠤ ᠬᠠᠭᠤᠴᠢᠨ ᠬᠡᠷ ᠪᠠᠶᠢᠰᠢᠩ᠂ ᠨᠤᠷᠠᠬᠤ ᠠᠶᠤᠯᠲᠠᠶ ᠬᠡᠷ ᠪᠠᠶᠢᠰᠢᠩ ᠢ ᠪᠥᠬᠦ ᠲᠠᠯ᠎ᠠ ᠪᠠᠷ ᠤᠶᠢᠯᠠᠭᠠᠨ ᠪᠠᠶᠢᠴᠠᠭᠠᠵᠤ᠂ ᠴᠠᠭ ᠲᠤᠬᠠᠶ ᠳᠤᠨᠢ ᠬᠢᠨᠠᠨ ᠡᠵᠡᠮᠳᠡᠵᠦ᠂ ᠴᠠᠭ ᠲᠤᠬᠠᠶ ᠳᠤᠨᠢ ᠰᠢᠢᠳᠪᠦᠷᠢᠯᠡᠨ᠂ ᠬᠥᠮᠦᠨ ᠬᠠᠷ᠎ᠠ ᠦᠬᠦᠵᠦ ᠰᠢᠷᠬᠠᠲᠤᠬᠤ ᠶᠢ ᠡᠷᠡᠰ ᠬᠤᠷᠢᠭᠯᠠᠵᠤ᠂ ᠣᠯᠠᠨ ᠲᠦᠮᠡᠨ ᠤ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠪᠠᠲᠤ ᠪᠠᠬᠢ ᠬᠠᠰᠢᠯᠭ᠎ᠠ ᠶᠢ ᠪᠥᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠶ ᠭᠡᠵᠦ ᠵᠢᠭᠠᠨ ᠭᠠᠷᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号