ᠠᠤᠬᠠᠨ ᠬᠤᠰᠢᠭᠤ 2024 ᠣᠨ ᠤ ᠲᠥᠷᠥᠯ ᠵᠦᠢᠯ ᠤᠨ  ᠰᠤᠷᠤᠭᠴᠢᠳ ᠤᠨ ᠠᠵᠢᠯ ᠤᠨ ᠪᠠᠶᠢᠷᠢ ᠶᠢᠨ ᠬᠤᠪᠢᠶᠠᠷᠢᠯᠠᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/8/15
     ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 8 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯᠠᠬᠢ ᠬᠤᠶᠠᠷ ᠡᠳᠦᠷ ᠤᠨ ᠴᠠᠭ ᠢ ᠠᠰᠢᠭᠯᠠᠨ᠂ 2024 ᠣᠨ ᠤ ᠠᠤᠬᠠᠨ ᠬᠤᠰᠢᠭᠤᠨ ᠤ ᠡᠯᠰᠡᠭᠰᠡᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠴᠢ  ᠶᠢᠨ ᠠᠵᠢᠯ ᠤᠨ ᠪᠠᠶᠢᠷᠢ ᠶᠢᠨ ᠬᠤᠪᠢᠶᠠᠷᠢᠯᠠᠯᠲᠠ ᠶᠢᠨ ᠬᠤᠷᠠᠯ ᠬᠢᠪᠠ᠃ 2024 ᠣᠨ ᠳᠤ ᠠᠤᠬᠠᠨ ᠬᠤᠰᠢᠭᠤ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ 36 ᠨᠡᠷᠡᠰ ᠬᠥᠮᠦᠨ ᠢ ᠬᠦᠯᠢᠶᠡᠨ ᠠᠪᠴᠤ᠂ ᠡᠭᠦᠨ ᠳᠤ 5 ᠨᠡᠷᠡᠰ ᠰᠤᠷᠭᠠᠨ ᠬᠥᠮᠦᠵᠢᠯ ᠢ ᠳᠡᠮᠵᠢᠵᠦ᠂ 1 ᠨᠡᠷᠡᠰ ᠡᠮᠴᠢᠯᠡᠭᠡ ᠶᠢ ᠳᠡᠮᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ 30 ᠨᠡᠷᠡᠰ ᠬᠥᠮᠦᠨ︔ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ  ᠦᠢᠯᠡᠴᠢᠯᠡᠭᠴᠢ 78 ᠨᠡᠷᠡᠰ ᠪᠣᠶ᠃ ᠦᠢᠯᠡᠴᠢᠯᠡᠭᠡᠨ ᠤ ᠠᠵᠢᠯ ᠤᠨ ᠪᠠᠶᠢᠷᠢ ᠶᠢ ᠲᠣᠭᠲᠠᠭᠠᠬᠤ ᠦᠶ᠎ᠡ ᠳᠤ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠭᠤᠷᠪᠠ ᠶᠢ ᠳᠡᠮᠵᠢᠵᠦ ᠨᠢᠭᠡ ᠶᠢ ᠲᠡᠳᠬᠦᠬᠦ ﹀᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ᠪᠣᠯᠤᠨ ︽ᠤᠯᠠᠭᠠᠨᠬᠠᠳᠠ ᠬᠤᠲᠠ ᠶᠢᠨ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︿ᠭᠤᠷᠪᠠ ᠶᠢ ᠳᠡᠮᠵᠢᠵᠦ ᠨᠢᠭᠡ ᠶᠢ ᠲᠡᠳᠬᠦᠬᠦ﹀᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠠᠵᠢᠯᠲᠠᠨ ᠡᠯᠰᠡᠬᠦ ᠪᠠᠷ ᠨᠡᠷ᠎ᠡ ᠮᠡᠳᠡᠭᠦᠯᠬᠦ ᠪᠠ ᠦᠢᠯᠡᠴᠢᠯᠡᠭᠡᠨ ᠤ ᠬᠤᠭᠤᠴᠠᠭ᠎ᠠ ᠨᠢ ᠲᠡᠭᠦᠰᠦᠭᠰᠡᠨ ᠬᠥᠮᠦᠰ ᠢ ᠬᠢᠨᠠᠨ ᠰᠢᠯᠭᠠᠬᠤ ᠬᠤᠯᠪᠣᠭᠳᠠᠯ ᠪᠥᠬᠦᠶ ᠵᠦᠢᠯᠡᠰ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠤᠨ  ᠰᠤᠷᠤᠭᠴᠢᠳ ᠤᠨ ᠦᠢᠯᠡᠴᠢᠯᠡᠭᠡᠨ ᠤ ᠬᠦᠰᠡᠯ ᠡᠷᠡᠮᠡᠯᠵᠡᠯ ᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠣᠯᠠᠩᠬᠢ ᠲᠣᠭᠠᠨ ᠤ ᠲᠥᠷᠥᠯ ᠵᠦᠢᠯ ᠤᠨ  ᠰᠤᠷᠤᠭᠴᠢᠳ ᠤᠨ ︽ᠣᠶᠢᠷ᠎ᠠ ᠬᠠᠪᠢ ᠳᠤ ᠪᠠᠨ ᠲᠥᠬᠦᠮ ᠦᠵᠡᠭᠦᠯᠬᠦ︾ ᠬᠦᠰᠡᠯ ᠡᠷᠡᠮᠡᠯᠵᠡᠯ ᠶᠣᠰᠣᠭᠠᠷ᠂ ᠲᠤᠬᠠᠶ ᠶᠢᠨ ᠲᠠᠯᠠᠪᠤᠷ ᠲᠤ ᠠᠵᠢᠯ ᠤᠨ ᠪᠠᠶᠢᠷᠢ ᠰᠣᠩᠭᠤᠨ ᠭᠠᠷ ᠤᠨ ᠥᠰᠥᠭ ᠵᠢᠷᠤᠵᠤ ᠨᠤᠲᠠᠯᠠᠪᠠ᠂ ᠪᠦᠬᠦ᠋ᠢᠯᠡ ᠶᠠᠪᠤᠴᠠ ᠨᠢ ᠢᠯᠡ᠂ ᠡᠷᠬᠡ ᠲᠡᠭᠰᠢ᠂ ᠲᠥᠪ ᠭᠤᠤᠯᠴᠢ ᠪᠠᠶᠢᠵᠤ᠂ ᠲᠥᠷᠥᠯ ᠵᠦᠢᠯ ᠤᠨ ᠬᠠᠨᠤᠮᠵᠢ ᠶᠢᠨ ᠨᠣᠷᠮ᠎ᠠ ᠨᠢ 100% ᠳᠤ ᠬᠥᠷᠪᠡ᠃    ᠬᠤᠪᠢᠶᠠᠷᠢᠯᠠᠯᠲᠠ ᠶᠢᠨ ᠬᠤᠷᠠᠯ ᠳᠡᠭᠡᠷ᠎ᠡ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠥᠷᠥᠯ ᠵᠦᠢᠯ ᠤᠨ  ᠰᠤᠷᠤᠭᠴᠢᠳ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠶᠢ ᠶᠡᠷᠦ ᠳᠡᠭᠡᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠦᠨᠳᠦᠰᠦᠨ ᠱᠠᠲᠤᠨ ᠤ ᠦᠢᠯᠡᠴᠢᠯᠡᠭᠡᠨ ᠤ ᠨᠢᠭᠡᠴᠡ ᠳᠤ ᠳᠣᠭᠢᠷᠠᠭᠤᠯᠵᠤ᠂ ᠭᠤᠤᠯᠳᠠᠭᠤ ᠰᠤᠷᠭᠠᠨ ᠬᠥᠮᠦᠵᠢᠯ ᠢ ᠳᠡᠮᠵᠢᠬᠦ᠂ ᠲᠠᠷᠢᠶᠠᠯᠠᠩ ︵ᠮᠠᠯ ᠠᠵᠤ ᠠᠬᠤᠶ ᠶᠢ ᠳᠡᠮᠵᠢᠬᠦ᠂ ᠣᠶ ᠰᠢᠭᠤᠶ ᠶᠢ ᠳᠡᠮᠵᠢᠬᠦ᠂ ᠤᠰᠤ ᠶᠢ ᠳᠡᠮᠵᠢᠬᠦ︶᠂ ᠡᠮᠴᠢᠯᠡᠭᠡ ᠶᠢ ᠳᠡᠮᠵᠢᠬᠦ ᠪᠠ ᠬᠥᠳᠡᠭᠡ ᠲᠣᠰᠬᠤᠨ ᠢ ᠬᠠᠪᠰᠤᠷᠤᠨ ᠲᠡᠳᠬᠦᠬᠦ ᠠᠵᠢᠯ ᠢ ᠡᠷᠭᠢᠯᠡᠨ᠎ᠡ︔ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡ  ᠨᠢ ᠶᠡᠷᠦ ᠳᠡᠭᠡᠨ ᠵᠡᠭᠡᠯᠢ ᠭᠤᠳᠤᠮᠵᠢ ︵ᠰᠤᠮᠤ ᠰᠢᠶᠠᠩ ᠪᠠᠯᠭᠠᠰᠤ︶ ᠶᠢᠨ ᠦᠨᠳᠦᠰᠦᠨ ᠱᠠᠲᠤᠨ ᠤ ᠦᠢᠯᠡᠴᠢᠯᠡᠭᠡᠨ ᠤ ᠨᠢᠭᠡᠴᠡ ᠳᠤ ᠳᠣᠭᠢᠷᠠᠭᠤᠯᠵᠤ᠂ ᠭᠤᠤᠯᠳᠠᠭᠤ ᠠᠵᠢᠯ ᠣᠯᠭᠤᠬᠤ᠂ ᠨᠡᠶᠢᠭᠡᠮ ᠤᠨ ᠳᠠᠭᠠᠳᠬᠠᠯ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠡᠷᠭᠢᠯᠡᠨ᠎ᠡ︔ ᠦᠢᠯᠡᠴᠢᠯᠡᠭᠡᠨ ᠤ ᠬᠤᠭᠤᠴᠠᠭ᠎ᠠ ᠨᠢ ᠲᠡᠭᠦᠰᠦᠭᠰᠡᠨ ᠮᠥᠷᠲᠡᠭᠡᠨ ᠰᠢᠯᠭᠠᠨ ᠬᠢᠨᠠᠬᠤ ᠳᠤ ᠬᠢᠷᠢ ᠲᠡᠩᠴᠡᠭᠰᠡᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠥᠮᠦᠰ ᠴᠥᠮ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠠᠯᠪᠠᠲᠠᠨ ᠰᠢᠯᠭᠠᠨ ᠡᠯᠰᠡᠬᠦ ᠪᠠ ᠠᠵᠢᠯ ᠦᠢᠯᠡᠰ ᠤᠨ ᠨᠢᠭᠡᠴᠡ ᠶᠢᠨ ᠰᠢᠯᠭᠠᠯᠲᠠ ᠳᠤ ᠣᠷᠤᠯᠴᠠᠪᠠᠯ ᠂ ᠠᠶᠢᠮᠠᠭ ᠬᠤᠲᠠ ᠂ ᠬᠤᠰᠢᠭᠤ ᠰᠢᠶᠠᠨ  ︵  ᠬᠤᠲᠠ ᠂ ᠲᠣᠭᠤᠷᠢᠭ︶ ᠤ ᠡᠷᠦᠬᠡ ᠠᠮᠠ ᠶᠢᠨ ᠬᠢᠵᠠᠭᠠᠷᠯᠠᠯ ᠢ ᠬᠦᠯᠢᠶᠡᠬᠦ ᠦᠭᠡᠢ ︔  ᠦᠢᠯᠡᠴᠢᠯᠡᠭᠡᠨ ᠤ ᠬᠤᠭᠤᠴᠠᠭ᠎ᠠ ᠨᠢ  ᠲᠡᠭᠦᠰᠦᠭᠡᠳ ᠬᠢᠨᠠᠨ ᠰᠢᠯᠭᠠᠬᠤ ᠳᠤ ᠬᠢᠷᠢ ᠲᠡᠩᠴᠡᠭᠰᠡᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠥᠮᠥᠰ ᠲᠤ ᠥᠪᠡᠷᠲᠡᠭᠡᠨ ᠵᠠᠰᠠᠬᠤ ᠣᠷᠣᠨ ᠤ ᠬᠢᠵᠠᠭᠠᠷ ᠳᠣᠲᠣᠷ᠎ᠠ ᠬᠦᠯᠢᠶᠡᠨ ᠠᠪᠬᠤ  ᠨᠢᠭᠡᠴᠡ ᠶᠢ ᠨᠠᠶᠢᠳᠠᠪᠤᠷᠢᠵᠢᠭᠤᠯᠵᠤ᠂  ᠦᠢᠯᠡᠴᠢᠯᠡᠭᠰᠡᠨ ᠬᠤᠭᠤᠴᠠᠭ᠎ᠠ  ᠶᠢ ᠨᠢ ᠠᠵᠢᠯᠯᠠᠭᠰᠠᠨ ᠵᠢᠯ ᠳᠤ ᠪᠤᠳᠤᠨ᠎ᠠ ᠃ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯᠲᠠᠨ ᠤ ᠦᠢᠯᠡᠴᠢᠯᠡᠭᠡᠨ ᠤ ᠬᠤᠭᠤᠴᠠᠭᠠᠨ ᠳᠤ ᠬᠠᠮᠢᠶ᠎ᠠ ᠪᠥᠬᠦᠶ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠨᠢᠭᠡ ᠵᠢᠯ ᠦᠢᠯᠡᠴᠢᠯᠡᠭᠰᠡᠨ ᠮᠥᠷᠲᠡᠭᠡᠨ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ ᠲᠣᠭᠲᠠᠭᠠᠯ ᠶᠣᠰᠣᠭᠠᠷ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠳᠤ ᠣᠷᠣᠯᠴᠠᠵᠤ ᠪᠣᠯᠤᠨ᠎ᠠ︔ ᠦᠢᠯᠡᠴᠢᠯᠡᠭᠡᠨ ᠤ ᠬᠤᠭᠤᠴᠠᠭ᠎ᠠ ᠨᠢ ᠲᠡᠭᠦᠰᠴᠦ ᠬᠢᠨᠠᠨ ᠰᠢᠯᠭᠠᠬᠤ ᠳᠤ ᠬᠢᠷᠢ ᠲᠡᠩᠴᠡᠭᠰᠡᠨ ᠮᠥᠷᠲᠡᠭᠡᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠷᠳᠣ ᠬᠤᠭᠤᠴᠠᠭ᠎ᠠ ᠪᠠᠷ ᠰᠠᠭᠤᠷᠢᠯᠠᠭᠰᠠᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠴᠢ ᠶᠢᠨ ᠰᠢᠯᠢᠳᠡᠭ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠵᠣᠬᠢᠬᠤ ᠨᠥᠬᠦᠴᠡᠯ ᠳᠤ ᠨᠡᠶᠢᠴᠡᠬᠦ ᠶᠢ ᠨᠢ ᠰᠤᠷᠤᠯᠭ᠎ᠠ ᠶᠢᠨ ᠨᠠᠮᠲᠠᠷ ᠪᠠ  ᠨᠢᠭᠡᠴᠡ ᠶᠢᠨ ᠲᠤᠰᠢᠶᠠᠯ ᠤᠨ ᠲᠤᠭ᠎ᠠ ᠶᠢᠨ ᠬᠢᠵᠠᠭᠠᠷᠯᠠᠯ ᠢ  ᠬᠦᠯᠢᠶᠡᠬᠦ ᠥᠬᠡᠶ ᠪᠠᠶᠢᠵᠤ᠂ ᠳᠡᠭᠡᠳᠦ ᠨᠢᠭᠡ ᠲᠠᠰ ᠤᠨ ᠮᠡᠷᠭᠡᠵᠢᠯ ᠤᠨ ᠴᠣᠯᠠ ᠶᠢᠨ ᠲᠣᠭᠲᠠᠭᠠᠬᠤ ᠪᠠ ᠤᠷᠢᠬᠤ ᠳᠤ ᠱᠠᠲᠤ ᠠᠯᠤᠰᠯᠠᠨ ᠣᠷᠣᠯᠴᠠᠵᠤ ᠪᠣᠯᠤᠨ᠎ᠠ︔ ᠦᠢᠯᠡᠴᠢᠯᠡᠭᠡᠨ ᠤ ᠨᠢᠭᠡᠴᠡ ᠨᠢ ᠠᠵᠢᠯ ᠤᠨ ᠬᠡᠷᠡᠭᠴᠡᠭᠡ ᠠᠴᠠ ᠪᠣᠯᠵᠣ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠥᠮᠦᠰ ᠤᠨ ᠠᠯᠪᠠᠨ ᠠᠵᠢᠯ ᠢᠶᠠᠷ ᠭᠠᠳᠠᠭᠰᠢ ᠭᠠᠷᠬᠤ ᠦᠶ᠎ᠡ ᠳᠤ ᠪᠣᠶ ᠪᠣᠯᠤᠭᠰᠠᠨ ᠵᠠᠮ ᠬᠠᠷᠢᠯᠴᠠᠭ᠎ᠠ᠂ ᠬᠤᠨᠤᠭ ᠵᠡᠷᠭᠡ ᠵᠠᠷᠤᠳᠠᠯ ᠢ ᠲᠣᠰ ᠨᠢᠭᠡᠴᠡ ᠶᠢᠨ ᠠᠳᠠᠯᠢ ᠲᠥᠷᠥᠯ ᠤᠨ ᠬᠥᠮᠦᠰ ᠤᠨ ᠠᠯᠪᠠᠨ ᠠᠵᠢᠯ ᠢᠶᠠᠷ ᠭᠠᠳᠠᠭᠰᠢ ᠭᠠᠷᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠶ᠃    ᠡᠭᠦᠨ ᠤ ᠬᠠᠮᠲᠤ ᠪᠤᠢ ᠪᠦᠬᠦᠢ ᠲᠦᠷᠦᠯ ᠵᠦᠢᠯ ᠤᠨ ᠰᠤᠷᠤᠭᠴᠢᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠬᠠᠮᠰᠠᠷ ᠠᠴᠠ ᠪᠠᠨ ᠰᠤᠷᠤᠯᠴᠠᠯᠭ᠎ᠠ ᠪᠠᠨ ᠴᠢᠩᠭᠠᠳᠬᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠵᠦ᠂ ᠦᠨᠳᠦᠰᠦᠨ ᠱᠠᠲᠤᠨ ᠳᠤ ᠰᠠᠭᠤᠷᠢᠯᠠᠵᠤ᠂ ᠦᠨᠳᠦᠰᠦᠨ ᠱᠠᠲᠤᠨ ᠳᠤ ᠦᠢᠯᠡᠴᠢᠯᠡᠵᠦ᠂ ᠦᠨᠳᠦᠰᠦᠨ ᠱᠠᠲᠤᠨ ᠤ ᠠᠵᠢᠯ ᠤᠨ ᠳᠤᠮᠳᠠ ᠬᠠᠲᠠᠭᠤᠵᠢᠨ ᠪᠤᠶᠢᠵᠢᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠥᠮᠦᠨ ᠬᠡᠷᠡᠭᠯᠡᠬᠦ ᠡᠯ᠎ᠡ ᠨᠢᠭᠡᠴᠡ ᠶᠢ ᠱᠠᠯᠠᠪᠳᠠᠭᠤᠯᠵᠤ ᠪᠠᠶᠢᠭᠠᠳ ᠲᠥᠷᠥᠯ ᠵᠦᠢᠯ ᠤᠨ ᠰᠤᠷᠤᠭᠴᠢᠳ ᠤᠨ ᠠᠵᠢᠯ ᠤᠨ ᠪᠠᠶᠢᠷᠢ ᠶᠢ ᠨᠤᠲᠠᠯᠠᠬᠤ ᠠᠵᠢᠯ ᠢ ᠰᠠᠶᠢᠲᠤᠷ ᠬᠢᠯᠭᠡᠵᠦ᠂ ᠲᠥᠷᠥᠯ ᠵᠦᠢᠯ ᠤᠨ ᠰᠤᠷᠤᠭᠴᠢᠳ ᠤᠨ ᠨᠡᠶᠢᠭᠡᠮ ᠤᠨ ᠳᠠᠭᠠᠳᠬᠠᠯ ᠲᠤᠰᠢᠶᠠᠬᠤ᠂ ᠠᠮᠢᠳᠤᠷᠠᠯ ᠤᠨ ᠨᠥᠬᠦᠪᠥᠷᠢ ᠣᠯᠭᠤᠬᠤ᠂ ᠬᠡᠷ ᠪᠦᠯᠢ ᠶᠢᠨ ᠵᠠᠷᠤᠳᠠᠯ ᠣᠯᠭᠤᠬᠤ ᠵᠡᠷᠭᠡ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠰᠤᠷᠤᠭᠴᠢᠳ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号