ᠮᠠ ᠯᠢ ᠬᠤᠸᠠ ᠠᠩᠭᠢ ᠳᠠᠭᠠᠭᠤᠯᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠤᠨ ᠭᠤᠤᠯᠳᠠᠯᠭ᠎ᠠ ᠲᠠᠢ ᠲᠥᠷᠥᠯ ᠵᠦᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/15
    8 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠳᠠᠭᠠᠭᠤᠯᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠤᠨ ᠭᠤᠤᠯᠳᠠᠯᠭ᠎ᠠ ᠲᠠᠢ ᠲᠥᠷᠥᠯ ᠵᠦᠢᠯ ᠢ ᠪᠠᠶᠢᠴᠠᠭᠠᠨ ᠰᠤᠳᠤᠯᠪᠠ᠃
 C:\Users\Administrator\Desktop\10.jpg
   ᠮᠠ ᠯᠢ ᠬᠤᠸᠠ ᠨᠠᠷ ᠤᠷᠢᠳ ᠬᠤᠵᠢᠳ ᠰᠢᠨ ᠾᠦᠢ ᠳᠥᠷᠪᠡᠳᠦᠭᠡᠷ ᠳᠤᠮᠳᠠᠳᠤ ᠰᠤᠷᠭᠠᠭᠤᠯᠢ ᠵᠢᠴᠢ ᠡᠷᠬᠢᠨ ᠲᠣᠭᠤᠷᠢᠨ ᠤ ᠵᠠᠮ ᠤᠨ ᠲᠣᠣᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠠᠤᠬᠠᠨ ᠬᠤᠰᠢᠭᠤᠨ ᠤ ᠾᠦᠢ ᠵᠧᠦ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠦᠷᠦᠯ ᠵᠦᠢᠯ᠂ ᠠᠤᠬᠠᠨ ᠤ ᠪᠠᠯᠠᠷ ᠡᠷᠲᠡᠨ ᠤ ᠰᠣᠶᠣᠯ ᠤᠨ ᠮᠦᠽᠧᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠠᠤᠬᠠᠨ ᠬᠤᠰᠢᠭᠤᠨ ᠤ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠪᠢ ᠬᠦᠢ ᠶᠤᠸᠠᠨ ᠭᠡᠷ ᠭᠠᠵᠠᠷ ᠤᠨ ᠬᠦᠷᠦᠩᠭᠡ ᠶᠢ ᠨᠡᠭᠡᠭᠡᠨ ᠬᠥᠭᠵᠢᠭᠦᠯᠬᠦ ᠲᠦᠷᠦᠯ ᠵᠦᠢᠯ᠂ ᠰᠢᠨ ᠾᠦᠢ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠰᠢᠨ ᠾᠦᠢ ᠬᠤᠳᠠ ᠶᠢᠨ ᠵᠠᠮ ᠤᠨ ᠡᠪᠳᠡᠷᠡᠵᠦ ᠰᠦᠢᠳᠦᠭᠰᠡᠨ ᠵᠠᠮ ᠢ ᠰᠡᠯᠪᠢᠨ ᠵᠠᠰᠠᠬᠤ ᠢᠨᠵᠧᠨᠧᠷᠢᠩ ᠤᠨ ᠰᠢᠨ ᠰᠢᠩ ᠵᠡᠭᠡᠯᠢ ᠶᠢᠨ ᠬᠡᠰᠡᠭ᠂ ᠵᠢᠶᠠ ᠽᠢ ᠱᠠᠨ ᠴᠡᠴᠡᠷᠯᠢᠭ ᠢ ᠰᠡᠯᠪᠢᠨ ᠵᠠᠰᠠᠵᠤ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠯᠦᠩ ᠶᠤᠸᠠᠨ ᠬᠤ᠋ ᠠᠭᠤᠳᠠᠮ ᠲᠠᠯᠠᠪᠠᠢ ᠵᠡᠷᠭᠡ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠬᠢᠴᠠ ᠶᠢ ᠪᠠᠶᠢᠴᠠᠭᠠᠵᠤ᠂ ᠨᠠᠶᠢᠳᠠᠪᠤᠷᠢᠵᠢᠭᠤᠯᠬᠤ ᠶᠢ ᠱᠠᠯᠠᠪᠳᠠᠭᠤᠯᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠵᠠᠢ᠃
C:\Users\Administrator\Desktop\11.jpg
    ᠮᠠ ᠯᠢ ᠬᠤᠸᠠ ᠠᠴᠠ᠂ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠪᠠᠷ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ᠂ ᠲᠥᠷᠥᠯ ᠵᠦᠢᠯ ᠢ ᠠᠬᠢᠭᠤᠯᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠯᠪᠣᠭᠳᠠᠯ ᠪᠥᠬᠦᠶ ᠬᠠᠷᠢᠶ᠎ᠠ ᠭᠠᠵᠠᠷ ᠪᠠ ᠰᠠᠯᠠᠭ᠎ᠠ ᠮᠥᠴᠢᠷ ᠤᠳ ᠲᠥᠷᠥᠯ ᠵᠦᠢᠯ ᠤᠨ ᠠᠬᠢᠴᠠ ᠶᠢ ᠴᠢᠩᠭ᠎ᠠ ᠳᠠᠭᠠᠵᠤ᠂ ᠤᠰᠤ ᠵᠠᠯᠠᠬᠤ᠂ ᠭᠠᠯ ᠤᠨᠲᠠᠷᠠᠭᠠᠬᠤ᠂ ᠵᠠᠮ ᠤᠨ ᠭᠠᠳᠠᠷᠭᠤ ᠶᠢ ᠲᠡᠭᠰᠢᠯᠡᠬᠦ ᠵᠡᠷᠭᠡ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠶ᠃ ᠠᠵᠢᠯ ᠤᠨ ᠠᠬᠤᠢ ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠠᠵᠢᠯ ᠤᠨ ᠬᠤᠭᠤᠴᠠᠭ᠎ᠠ ᠶᠢ ᠤᠷᠲᠤᠳᠬᠠᠬᠤ ᠦᠭᠡᠢ᠂ ᠠᠮᠤᠷ ᠲᠦᠪᠰᠢᠨ ᠳᠤ ᠠᠰᠠᠭᠤᠳᠠᠯ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃
 C:\Users\Administrator\Desktop\12.jpg
   ᠮᠠ ᠯᠢ ᠬᠤᠸᠠ  ᠠᠴᠠ᠂ ᠭᠤᠤᠯᠳᠠᠯᠭ᠎ᠠ ᠲᠠᠢ ᠲᠥᠷᠥᠯ ᠵᠦᠢᠯ  ᠰᠤᠷᠭᠠᠭᠤᠯᠢ᠂ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠭᠤᠤᠯᠳᠠᠯᠭ᠎ᠠ ᠲᠠᠢ ᠬᠥᠮᠦᠰ ᠲᠥᠪᠯᠡᠷᠡᠭᠰᠡᠨ ᠭᠠᠵᠠᠷ ᠣᠷᠣᠨ ᠢ ᠪᠠᠭᠲᠠᠭᠠᠵᠤ᠂ ᠬᠢᠴᠢᠶᠡᠯ ᠤᠨ ᠰᠢᠷᠡᠭᠡ ᠰᠠᠨᠳᠠᠯᠢ ᠂ ᠬᠦᠷᠢᠶ᠎ᠡ ᠬᠠᠰᠢᠶ᠎ᠠ᠂ ᠵᠠᠮ ᠬᠠᠷᠢᠯᠴᠠᠭᠠᠨ ᠤ ᠤᠰᠤ ᠬᠠᠩᠭᠠᠬᠤ ᠤᠰᠤ ᠵᠠᠯᠠᠬᠤ ᠵᠡᠷᠭᠡ ᠬᠠᠮᠢᠶ᠎ᠠ ᠪᠥᠬᠦᠶ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠲᠤᠭ᠎ᠠ ᠶᠣᠰᠣᠭᠠᠷ ᠴᠠᠭ ᠲᠤᠬᠠᠶ ᠳᠤᠨᠢ ᠪᠡᠶᠡᠯᠡᠭᠦᠯᠵᠦ᠂ ᠰᠤᠷᠤᠭᠴᠢᠳ ᠤᠨ ᠰᠤᠷᠭᠠᠭᠤᠯᠢ ᠡᠬᠢᠯᠡᠬᠦ ᠶᠢᠨ ᠦᠶ᠎ᠡ ᠳᠤ ᠬᠡᠪ ᠤᠨ ᠶᠣᠰᠣᠭᠠᠷ ᠬᠡᠷᠡᠭᠯᠡᠬᠦ ᠶᠢ ᠪᠠᠲᠤᠯᠠᠬᠤ ᠶᠢᠨ ᠬᠠᠮᠲᠤ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠲᠦᠬᠦᠭᠡᠷᠦᠮᠵᠢ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠶ  ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号