| ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 8 ᠰᠠᠷ᠎ᠠ ᠶᠢᠨ 7 ᠤ ᠡᠳᠦᠷ ᠠᠴᠠ 8 ᠤ ᠡᠳᠦᠷ | ᠪᠣᠯᠲᠠᠯᠠᠬᠢ ᠬᠤᠶᠠᠷ ᠡᠳᠦᠷ ᠤᠨ ᠴᠠᠭ ᠢ ᠠᠰᠢᠭᠯᠠᠨ᠂ 2024 ᠣᠨ ᠤ ᠠᠤᠬᠠᠨ ᠬᠤᠰᠢᠭᠤᠨ ᠤ ᠡᠯᠰᠡᠭᠰᠡᠨ ︽ | ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ | ᠳᠤᠷ᠎ᠠ ᠶᠢᠨ ᠦᠢᠯᠡᠴᠢᠯᠡᠭᠴᠢ ᠶᠢᠨ ᠠᠵᠢᠯ ᠤᠨ ᠪᠠᠶᠢᠷᠢ ᠶᠢᠨ ᠬᠤᠪᠢᠶᠠᠷᠢᠯᠠᠯᠲᠠ ᠶᠢᠨ ᠬᠤᠷᠠᠯ ᠬᠢᠪᠠ᠃ 2024 | ᠣᠨ ᠳᠤ ᠠᠤᠬᠠᠨ ᠬᠤᠰᠢᠭᠤ ︽ ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ 36 ᠨᠡᠷᠡᠰ ᠬᠥᠮᠦᠨ ᠢ ᠬᠦᠯᠢᠶᠡᠨ | ᠠᠪᠴᠤ᠂ ᠡᠭᠦᠨ ᠳᠤ 5 ᠨᠡᠷᠡᠰ ᠰᠤᠷᠭᠠᠨ ᠬᠥᠮᠦᠵᠢᠯ ᠢ ᠳᠡᠮᠵᠢᠵᠦ᠂ 1 ᠨᠡᠷᠡᠰ ᠡᠮᠴᠢᠯᠡᠭᠡ ᠶᠢ ᠳᠡᠮᠵᠢᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ 30 ᠨᠡᠷᠡᠰ ᠬᠥᠮᠦᠨ︔ ᠨᠡᠶᠢᠭᠡᠮ ᠲᠣᠭᠤᠷᠢᠭ ᠤᠨ ᠠᠷᠠᠳ ᠤᠨ | ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠴᠢ 78 ᠨᠡᠷᠡᠰ ᠪᠣᠶ᠃ ᠦᠢᠯᠡᠴᠢᠯᠡᠭᠡᠨ ᠤ ᠠᠵᠢᠯ ᠤᠨ ᠪᠠᠶᠢᠷᠢ ᠶᠢ | ᠲᠣᠭᠲᠠᠭᠠᠬᠤ ᠦᠶ᠎ᠡ ᠳᠤ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠭᠤᠷᠪᠠ ᠶᠢ ᠳᠡᠮᠵᠢᠵᠦ | ᠨᠢᠭᠡ ᠶᠢ ᠲᠡᠳᠬᠦᠬᠦ ﹀᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠲᠥᠯᠥᠪᠯᠡᠭᠡ ᠶᠢ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ︾ ᠪᠣᠯᠤᠨ ︽ᠤᠯᠠᠭᠠᠨᠬᠠᠳᠠ | ᠬᠤᠲᠠ ᠶᠢᠨ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ︿ᠭᠤᠷᠪᠠ ᠶᠢ ᠳᠡᠮᠵᠢᠵᠦ ᠨᠢᠭᠡ ᠶᠢ | ᠲᠡᠳᠬᠦᠬᠦ﹀᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠲᠥᠯᠥᠪᠯᠡᠭᠡ ᠶᠢᠨ ᠠᠵᠢᠯᠲᠠᠨ ᠡᠯᠰᠡᠬᠦ ᠪᠠᠷ ᠨᠡᠷ᠎ᠡ ᠮᠡᠳᠡᠭᠦᠯᠬᠦ ᠪᠠ ᠦᠢᠯᠡᠴᠢᠯᠡᠭᠡᠨ ᠤ ᠬᠤᠭᠤᠴᠠᠭ᠎ᠠ ᠨᠢ ᠲᠡᠭᠦᠰᠦᠭᠰᠡᠨ | ᠬᠥᠮᠦᠰ ᠢ ᠬᠢᠨᠠᠨ ᠰᠢᠯᠭᠠᠬᠤ ᠬᠤᠯᠪᠣᠭᠳᠠᠯ ᠪᠥᠬᠦᠶ ᠵᠦᠢᠯᠡᠰ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ | ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠤᠨ ᠰᠤᠷᠤᠭᠴᠢᠳ ᠤᠨ ᠦᠢᠯᠡᠴᠢᠯᠡᠭᠡᠨ ᠤ ᠬᠦᠰᠡᠯ ᠡᠷᠡᠮᠡᠯᠵᠡᠯ ᠢ | ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠣᠯᠠᠩᠬᠢ ᠲᠣᠭᠠᠨ ᠤ ᠲᠥᠷᠥᠯ ᠵᠦᠢᠯ ᠤᠨ ᠰᠤᠷᠤᠭᠴᠢᠳ ᠤᠨ | ︽ᠣᠶᠢᠷ᠎ᠠ ᠬᠠᠪᠢ ᠳᠤ ᠪᠠᠨ ᠲᠥᠬᠦᠮ ᠦᠵᠡᠭᠦᠯᠬᠦ︾ ᠬᠦᠰᠡᠯ ᠡᠷᠡᠮᠡᠯᠵᠡᠯ ᠶᠣᠰᠣᠭᠠᠷ᠂ ᠲᠤᠬᠠᠶ ᠶᠢᠨ ᠲᠠᠯᠠᠪᠤᠷ ᠲᠤ | ᠠᠵᠢᠯ ᠤᠨ ᠪᠠᠶᠢᠷᠢ ᠰᠣᠩᠭᠤᠨ ᠭᠠᠷ ᠤᠨ ᠥᠰᠥᠭ ᠵᠢᠷᠤᠵᠤ ᠨᠤᠲᠠᠯᠠᠪᠠ᠂ ᠪᠦᠬᠦ᠋ᠢᠯᠡ ᠶᠠᠪᠤᠴᠠ ᠨᠢ ᠢᠯᠡ᠂ ᠡᠷᠬᠡ | ᠲᠡᠭᠰᠢ᠂ ᠲᠥᠪ ᠭᠤᠤᠯᠴᠢ ᠪᠠᠶᠢᠵᠤ᠂ ᠲᠥᠷᠥᠯ ᠵᠦᠢᠯ ᠤᠨ ᠬᠠᠨᠤᠮᠵᠢ ᠶᠢᠨ ᠨᠣᠷᠮ᠎ᠠ ᠨᠢ 100% ᠳᠤ ᠬᠥᠷᠪᠡ᠃ | ᠬᠤᠪᠢᠶᠠᠷᠢᠯᠠᠯᠲᠠ ᠶᠢᠨ ᠬᠤᠷᠠᠯ ᠳᠡᠭᠡᠷ᠎ᠡ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠥᠷᠥᠯ ᠵᠦᠢᠯ ᠤᠨ ᠰᠤᠷᠤᠭᠴᠢᠳ ᠤᠨ ᠬᠠᠮᠢᠶᠠᠷᠤᠯᠲᠠ ᠶᠢᠨ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠶᠢ | ᠶᠡᠷᠦ ᠳᠡᠭᠡᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠦᠨᠳᠦᠰᠦᠨ ᠱᠠᠲᠤᠨ ᠤ ᠦᠢᠯᠡᠴᠢᠯᠡᠭᠡᠨ ᠤ | ᠨᠢᠭᠡᠴᠡ ᠳᠤ ᠳᠣᠭᠢᠷᠠᠭᠤᠯᠵᠤ᠂ ᠭᠤᠤᠯᠳᠠᠭᠤ ᠰᠤᠷᠭᠠᠨ ᠬᠥᠮᠦᠵᠢᠯ ᠢ ᠳᠡᠮᠵᠢᠬᠦ᠂ ᠲᠠᠷᠢᠶᠠᠯᠠᠩ ︵ᠮᠠᠯ ᠠᠵᠤ ᠠᠬᠤᠶ ᠶᠢ | ᠳᠡᠮᠵᠢᠬᠦ᠂ ᠣᠶ ᠰᠢᠭᠤᠶ ᠶᠢ ᠳᠡᠮᠵᠢᠬᠦ᠂ ᠤᠰᠤ ᠶᠢ ᠳᠡᠮᠵᠢᠬᠦ︶᠂ ᠡᠮᠴᠢᠯᠡᠭᠡ ᠶᠢ ᠳᠡᠮᠵᠢᠬᠦ ᠪᠠ ᠬᠥᠳᠡᠭᠡ ᠲᠣᠰᠬᠤᠨ ᠢ | ᠬᠠᠪᠰᠤᠷᠤᠨ ᠲᠡᠳᠬᠦᠬᠦ ᠠᠵᠢᠯ ᠢ ᠡᠷᠭᠢᠯᠡᠨ᠎ᠡ︔ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡ | ᠨᠢ ᠶᠡᠷᠦ ᠳᠡᠭᠡᠨ ᠵᠡᠭᠡᠯᠢ ᠭᠤᠳᠤᠮᠵᠢ ︵ᠰᠤᠮᠤ ᠰᠢᠶᠠᠩ ᠪᠠᠯᠭᠠᠰᠤ︶ ᠶᠢᠨ ᠦᠨᠳᠦᠰᠦᠨ ᠱᠠᠲᠤᠨ ᠤ ᠦᠢᠯᠡᠴᠢᠯᠡᠭᠡᠨ ᠤ | ᠨᠢᠭᠡᠴᠡ ᠳᠤ ᠳᠣᠭᠢᠷᠠᠭᠤᠯᠵᠤ᠂ ᠭᠤᠤᠯᠳᠠᠭᠤ ᠠᠵᠢᠯ ᠣᠯᠭᠤᠬᠤ᠂ ᠨᠡᠶᠢᠭᠡᠮ ᠤᠨ ᠳᠠᠭᠠᠳᠬᠠᠯ ᠵᠡᠷᠭᠡ ᠠᠷᠠᠳ ᠤᠨ | ᠠᠮᠢᠳᠤᠷᠠᠯ ᠤᠨ ᠠᠵᠢᠯ ᠢ ᠡᠷᠭᠢᠯᠡᠨ᠎ᠡ︔ ᠦᠢᠯᠡᠴᠢᠯᠡᠭᠡᠨ ᠤ ᠬᠤᠭᠤᠴᠠᠭ᠎ᠠ ᠨᠢ ᠲᠡᠭᠦᠰᠦᠭᠰᠡᠨ ᠮᠥᠷᠲᠡᠭᠡᠨ ᠰᠢᠯᠭᠠᠨ | ᠬᠢᠨᠠᠬᠤ ᠳᠤ ᠬᠢᠷᠢ ᠲᠡᠩᠴᠡᠭᠰᠡᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ | ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠥᠮᠦᠰ ᠴᠥᠮ ᠥᠪᠡᠷᠲᠡᠭᠡᠨ ᠵᠠᠰᠠᠬᠤ ᠣᠷᠣᠨ ᠤ ᠳᠣᠲᠣᠷ᠎ᠠ | ᠠᠯᠪᠠᠲᠠᠨ ᠰᠢᠯᠭᠠᠨ ᠡᠯᠰᠡᠬᠦ ᠪᠠ ᠠᠵᠢᠯ ᠦᠢᠯᠡᠰ ᠤᠨ ᠨᠢᠭᠡᠴᠡ ᠶᠢᠨ ᠰᠢᠯᠭᠠᠯᠲᠠ ᠳᠤ ᠣᠷᠤᠯᠴᠠᠪᠠᠯ ᠂ ᠠᠶᠢᠮᠠᠭ | ᠬᠤᠲᠠ ᠂ ᠬᠤᠰᠢᠭᠤ ᠰᠢᠶᠠᠨ ︵ ᠬᠤᠲᠠ ᠂ ᠲᠣᠭᠤᠷᠢᠭ︶ ᠤ ᠡᠷᠦᠬᠡ ᠠᠮᠠ ᠶᠢᠨ ᠬᠢᠵᠠᠭᠠᠷᠯᠠᠯ ᠢ ᠬᠦᠯᠢᠶᠡᠬᠦ ᠦᠭᠡᠢ ︔ | ᠦᠢᠯᠡᠴᠢᠯᠡᠭᠡᠨ ᠤ ᠬᠤᠭᠤᠴᠠᠭ᠎ᠠ ᠨᠢ ᠲᠡᠭᠦᠰᠦᠭᠡᠳ ᠬᠢᠨᠠᠨ ᠰᠢᠯᠭᠠᠬᠤ ᠳᠤ ᠬᠢᠷᠢ ᠲᠡᠩᠴᠡᠭᠰᠡᠨ ︽ᠭᠤᠷᠪᠠ ᠶᠢ | ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ | ᠬᠥᠮᠥᠰ ᠲᠤ ᠥᠪᠡᠷᠲᠡᠭᠡᠨ ᠵᠠᠰᠠᠬᠤ ᠣᠷᠣᠨ ᠤ ᠬᠢᠵᠠᠭᠠᠷ ᠳᠣᠲᠣᠷ᠎ᠠ ᠬᠦᠯᠢᠶᠡᠨ ᠠᠪᠬᠤ ᠨᠢᠭᠡᠴᠡ ᠶᠢ | ᠨᠠᠶᠢᠳᠠᠪᠤᠷᠢᠵᠢᠭᠤᠯᠵᠤ᠂ ᠦᠢᠯᠡᠴᠢᠯᠡᠭᠰᠡᠨ ᠬᠤᠭᠤᠴᠠᠭ᠎ᠠ ᠶᠢ ᠨᠢ ᠠᠵᠢᠯᠯᠠᠭᠰᠠᠨ ᠵᠢᠯ ᠳᠤ ᠪᠤᠳᠤᠨ᠎ᠠ ᠃ ︽ | ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯᠲᠠᠨ ᠤ | ᠦᠢᠯᠡᠴᠢᠯᠡᠭᠡᠨ ᠤ ᠬᠤᠭᠤᠴᠠᠭᠠᠨ ᠳᠤ ᠬᠠᠮᠢᠶ᠎ᠠ ᠪᠥᠬᠦᠶ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠳᠤ | ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠨᠢᠭᠡ ᠵᠢᠯ ᠦᠢᠯᠡᠴᠢᠯᠡᠭᠰᠡᠨ ᠮᠥᠷᠲᠡᠭᠡᠨ ᠬᠢᠨᠠᠨ ᠰᠢᠯᠭᠠᠭᠠᠳ ᠬᠢᠷᠢ | ᠲᠡᠩᠴᠡᠭᠰᠡᠨ ᠤ ᠳᠠᠷᠠᠭ᠎ᠠ ᠲᠣᠭᠲᠠᠭᠠᠯ ᠶᠣᠰᠣᠭᠠᠷ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠳᠤ ᠣᠷᠣᠯᠴᠠᠵᠤ | ᠪᠣᠯᠤᠨ᠎ᠠ︔ ᠦᠢᠯᠡᠴᠢᠯᠡᠭᠡᠨ ᠤ ᠬᠤᠭᠤᠴᠠᠭ᠎ᠠ ᠨᠢ ᠲᠡᠭᠦᠰᠴᠦ ᠬᠢᠨᠠᠨ ᠰᠢᠯᠭᠠᠬᠤ ᠳᠤ ᠬᠢᠷᠢ ᠲᠡᠩᠴᠡᠭᠰᠡᠨ ᠮᠥᠷᠲᠡᠭᠡᠨ | ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠷᠳᠣ ᠬᠤᠭᠤᠴᠠᠭ᠎ᠠ ᠪᠠᠷ ᠰᠠᠭᠤᠷᠢᠯᠠᠭᠰᠠᠨ ︽ᠭᠤᠷᠪᠠ ᠶᠢ | ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠴᠢ ᠶᠢᠨ | ᠰᠢᠯᠢᠳᠡᠭ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠵᠣᠬᠢᠬᠤ ᠨᠥᠬᠦᠴᠡᠯ ᠳᠤ ᠨᠡᠶᠢᠴᠡᠬᠦ ᠶᠢ ᠨᠢ ᠰᠤᠷᠤᠯᠭ᠎ᠠ ᠶᠢᠨ | ᠨᠠᠮᠲᠠᠷ ᠪᠠ ᠨᠢᠭᠡᠴᠡ ᠶᠢᠨ ᠲᠤᠰᠢᠶᠠᠯ ᠤᠨ ᠲᠤᠭ᠎ᠠ ᠶᠢᠨ ᠬᠢᠵᠠᠭᠠᠷᠯᠠᠯ ᠢ ᠬᠦᠯᠢᠶᠡᠬᠦ ᠥᠬᠡᠶ ᠪᠠᠶᠢᠵᠤ᠂ ᠳᠡᠭᠡᠳᠦ ᠨᠢᠭᠡ | ᠲᠠᠰ ᠤᠨ ᠮᠡᠷᠭᠡᠵᠢᠯ ᠤᠨ ᠴᠣᠯᠠ ᠶᠢᠨ ᠲᠣᠭᠲᠠᠭᠠᠬᠤ ᠪᠠ ᠤᠷᠢᠬᠤ ᠳᠤ ᠱᠠᠲᠤ ᠠᠯᠤᠰᠯᠠᠨ ᠣᠷᠣᠯᠴᠠᠵᠤ ᠪᠣᠯᠤᠨ᠎ᠠ︔ | ᠦᠢᠯᠡᠴᠢᠯᠡᠭᠡᠨ ᠤ ᠨᠢᠭᠡᠴᠡ ᠨᠢ ᠠᠵᠢᠯ ᠤᠨ ᠬᠡᠷᠡᠭᠴᠡᠭᠡ ᠠᠴᠠ ᠪᠣᠯᠵᠣ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ | ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠥᠮᠦᠰ ᠤᠨ ᠠᠯᠪᠠᠨ ᠠᠵᠢᠯ ᠢᠶᠠᠷ | ᠭᠠᠳᠠᠭᠰᠢ ᠭᠠᠷᠬᠤ ᠦᠶ᠎ᠡ ᠳᠤ ᠪᠣᠶ ᠪᠣᠯᠤᠭᠰᠠᠨ ᠵᠠᠮ ᠬᠠᠷᠢᠯᠴᠠᠭ᠎ᠠ᠂ ᠬᠤᠨᠤᠭ ᠵᠡᠷᠭᠡ ᠵᠠᠷᠤᠳᠠᠯ ᠢ ᠲᠣᠰ ᠨᠢᠭᠡᠴᠡ ᠶᠢᠨ | ᠠᠳᠠᠯᠢ ᠲᠥᠷᠥᠯ ᠤᠨ ᠬᠥᠮᠦᠰ ᠤᠨ ᠠᠯᠪᠠᠨ ᠠᠵᠢᠯ ᠢᠶᠠᠷ ᠭᠠᠳᠠᠭᠰᠢ ᠭᠠᠷᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠨ | ᠬᠡᠷᠡᠭᠵᠢᠭᠦᠯᠬᠦ ᠬᠡᠷᠡᠭᠲᠡᠶ᠃ | ᠡᠭᠦᠨ ᠤ ᠬᠠᠮᠲᠤ ᠪᠤᠢ ᠪᠦᠬᠦᠢ ᠲᠦᠷᠦᠯ ᠵᠦᠢᠯ ᠤᠨ ᠰᠤᠷᠤᠭᠴᠢᠳ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠵᠤ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠬᠠᠮᠰᠠᠷ ᠠᠴᠠ ᠪᠠᠨ | ᠰᠤᠷᠤᠯᠴᠠᠯᠭ᠎ᠠ ᠪᠠᠨ ᠴᠢᠩᠭᠠᠳᠬᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠵᠦ᠂ ᠦᠨᠳᠦᠰᠦᠨ ᠱᠠᠲᠤᠨ ᠳᠤ ᠰᠠᠭᠤᠷᠢᠯᠠᠵᠤ᠂ | ᠦᠨᠳᠦᠰᠦᠨ ᠱᠠᠲᠤᠨ ᠳᠤ ᠦᠢᠯᠡᠴᠢᠯᠡᠵᠦ᠂ ᠦᠨᠳᠦᠰᠦᠨ ᠱᠠᠲᠤᠨ ᠤ ᠠᠵᠢᠯ ᠤᠨ ᠳᠤᠮᠳᠠ ᠬᠠᠲᠠᠭᠤᠵᠢᠨ ᠪᠤᠶᠢᠵᠢᠵᠤ᠂ | ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠠᠴᠠ ᠬᠥᠮᠦᠨ ᠬᠡᠷᠡᠭᠯᠡᠬᠦ ᠡᠯ᠎ᠡ ᠨᠢᠭᠡᠴᠡ ᠶᠢ ᠱᠠᠯᠠᠪᠳᠠᠭᠤᠯᠵᠤ ᠪᠠᠶᠢᠭᠠᠳ ᠲᠥᠷᠥᠯ | ᠵᠦᠢᠯ ᠤᠨ ᠰᠤᠷᠤᠭᠴᠢᠳ ᠤᠨ ᠠᠵᠢᠯ ᠤᠨ ᠪᠠᠶᠢᠷᠢ ᠶᠢ ᠨᠤᠲᠠᠯᠠᠬᠤ ᠠᠵᠢᠯ ᠢ ᠰᠠᠶᠢᠲᠤᠷ ᠬᠢᠯᠭᠡᠵᠦ᠂ ᠲᠥᠷᠥᠯ | ᠵᠦᠢᠯ ᠤᠨ ᠰᠤᠷᠤᠭᠴᠢᠳ ᠤᠨ ᠨᠡᠶᠢᠭᠡᠮ ᠤᠨ ᠳᠠᠭᠠᠳᠬᠠᠯ ᠲᠤᠰᠢᠶᠠᠬᠤ᠂ ᠠᠮᠢᠳᠤᠷᠠᠯ ᠤᠨ ᠨᠥᠬᠦᠪᠥᠷᠢ ᠣᠯᠭᠤᠬᠤ᠂ | ᠬᠡᠷ ᠪᠦᠯᠢ ᠶᠢᠨ ᠵᠠᠷᠤᠳᠠᠯ ᠣᠯᠭᠤᠬᠤ ᠵᠡᠷᠭᠡ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠰᠤᠷᠤᠭᠴᠢᠳ ᠤᠨ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠨ᠎ᠠ᠃ | | |