| ᠣᠶᠢᠷ᠎ᠠ ᠳᠤ᠂ ᠠᠣᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ 2024 ᠣᠨ ᠤ | ᠬᠤᠶᠠᠳᠤᠭᠠᠷ ᠪᠦᠯᠦᠭ ᠤᠨ ᠴᠥᠭᠦᠷᠥᠮ ᠤᠨ ᠣᠷᠣᠨ ᠤ ᠨᠡᠭᠦᠳᠡᠯ ᠠᠷᠠᠳ ᠤᠨ ᠰᠡᠭᠦᠯᠴᠢ ᠶᠢᠨ ᠬᠤᠭᠤᠴᠠᠭᠠᠨ ᠤ | ᠲᠡᠳᠬᠦᠨ ᠳᠡᠮᠵᠢᠬᠦ ᠰᠠᠭᠤᠷᠢ ᠮᠥᠩᠭᠦ ᠶᠢ 2148 ᠲᠦᠮᠡᠨ ᠲᠥᠭᠦᠷᠢᠭ ᠳᠠᠬᠢᠨ ᠲᠡᠮᠡᠴᠡᠨ ᠣᠯᠪᠠ᠃ ᠡᠭᠦᠨ ᠳᠤ ᠂ | ᠭᠤᠷᠪᠠᠨᠬᠤᠸᠠ ᠪᠠᠯᠭᠠᠰᠤᠨ ᠤ ᠲᠦᠬᠦᠭᠡᠷᠦᠮᠵᠢᠲᠦ ᠲᠠᠷᠢᠶᠠᠯᠠᠩ ᠤᠨ ᠲᠦᠷᠦᠯ ᠵᠦᠢᠯ ᠳᠤ 2000 ᠲᠦᠮᠡᠨ ᠲᠥᠭᠦᠷᠢᠭ | ᠬᠡᠷᠡᠭᠯᠡᠵᠦ᠂ ᠨᠡᠷᠡᠨ ᠭᠡᠷᠡᠯ ᠤᠨ ᠬᠦᠯᠡᠮᠵᠢ 67 ᠰᠠᠭᠤᠷᠢ᠂ ᠳᠥᠭᠦᠮ ᠦᠢᠯᠡᠳᠪᠦᠷᠢ ᠶᠢᠨ ᠲᠠᠰᠤᠭ 1 ᠰᠠᠭᠤᠷᠢ᠂ | ᠬᠠᠶᠢᠷ ᠴᠢᠯᠠᠭᠤᠨ ᠲᠡᠭᠡᠭᠡᠪᠦᠷᠢ ᠶᠢᠨ ᠵᠠᠮ 2.3 ᠺᠢᠯᠦᠮᠧᠲᠷ ᠰᠢᠨ᠎ᠡ ᠪᠠᠷ ᠪᠠᠶᠢᠭᠤᠯᠵᠤ︔ ᠰᠧ ᠳ᠋ᠤᠤ ᠸᠠᠨᠽᠢ | ᠪᠠᠯᠭᠠᠰᠤᠨ ᠤ ᠱᠦᠢᠨᠢ ᠶᠢᠨ ᠵᠠᠮ ᠤᠨ ᠲᠦᠷᠦᠯ ᠵᠦᠢᠯ ᠳᠤ 148 ᠲᠦᠮᠡᠨ ᠲᠥᠭᠦᠷᠢᠭ ᠬᠡᠷᠡᠭᠯᠡᠵᠦ᠂ 2.4 | ᠺᠢᠯᠦᠮᠧᠲᠷ ᠤᠨ ᠱᠦᠢᠨᠢ ᠵᠠᠮ ᠢ ᠰᠢᠨ᠎ᠡ ᠪᠠᠷ ᠪᠠᠶᠢᠭᠤᠯᠤᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ | ᠠᠷᠠᠳ ᠢ ᠨᠡᠭᠦᠯᠭᠡᠨ ᠣᠷᠣᠯᠭ᠎ᠠ ᠶᠢ ᠨᠡᠮᠡᠭᠳᠡᠭᠦᠯᠬᠦ ᠶᠢ ᠬᠢᠵᠠᠭᠠᠷᠯᠠᠵᠤ ᠪᠠᠶᠢᠭ᠎ᠠ ᠲᠠᠯ᠎ᠠ ᠶᠢᠨ ᠳᠣᠪᠤᠶᠢᠮ᠎ᠠ ᠠᠰᠠᠭᠤᠳᠠᠯ ᠢ | ᠰᠢᠢᠳᠪᠦᠷᠢᠯᠡᠵᠦ᠂ ᠠᠷᠠᠳ ᠢ ᠨᠡᠭᠦᠯᠭᠡᠬᠦ ᠵᠢᠴᠢ ᠲᠥᠪᠬᠢᠨᠡᠭᠦᠯᠬᠦ ᠣᠷᠣᠨ ᠤ ᠲᠣᠰᠬᠤᠨ ᠤ ᠠᠷᠠᠳ ᠤᠨ ᠶᠠᠪᠤᠵᠤ | ᠰᠠᠭᠤᠬᠤ ᠨᠥᠬᠦᠴᠡᠯ ᠢ ᠰᠠᠶᠢᠵᠢᠷᠠᠭᠤᠯᠵᠤ᠂ ᠴᠥᠭᠦᠷᠥᠮ ᠤᠨ ᠣᠷᠣᠨ ᠪᠣᠯᠤᠨ ᠨᠡᠭᠦᠳᠡᠯ ᠠᠷᠠᠳ ᠢ ᠲᠥᠪᠬᠢᠨᠡᠭᠦᠯᠬᠦ | ᠣᠷᠣᠨ ᠤ ᠨᠡᠶᠢᠭᠡᠮ ᠤᠨ ᠲᠣᠭᠲᠠᠭᠤᠨ ᠢ ᠬᠠᠮᠠᠭᠠᠯᠠᠵᠤ ᠪᠣᠯᠤᠨ᠎ᠠ᠃ | |