ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠨᠥᠬᠦᠷ ᠠᠵᠢᠯᠯᠠᠬᠤ ᠳᠤᠭᠤᠶᠢᠯᠠᠩ ᠳᠠᠭᠠᠭᠤᠯᠤᠨ ᠯᠢᠶᠣᠤᠨᠢᠩ ᠮᠤᠵᠢ ᠳᠤ ᠬᠦᠷᠴᠦ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/8/2
    8 ᠰᠠᠷ᠎ᠠ ᠶᠢᠨ 1 ᠤ ᠡᠳᠦᠷ᠂ ᠠᠤᠬᠠᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠤᠨ ᠳᠤᠭᠤᠶᠢᠯᠠᠩ ᠢ ᠳᠠᠭᠠᠭᠤᠯᠤᠨ᠂ ᠯᠢᠶᠣᠤᠨᠢᠩ ᠮᠤᠵᠢ ᠶᠢᠨ ᠠᠨᠱᠠᠨ ᠬᠤᠲᠠ ᠳᠤ ᠬᠦᠷᠴᠦ ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠢ ᠥᠷᠨᠢᠭᠦᠯᠪᠡ᠃    ᠮᠠ ᠯᠢ ᠬᠤᠸᠠ ᠨᠠᠷ ᠠᠨᠱᠠᠨ ᠬᠤᠲᠠ ᠶᠢᠨ ᠶᠢᠩ ᠹᠧᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠴᠠᠬᠢᠯᠭᠠᠨ ᠢᠶᠠᠷ ᠮᠠᠭᠨᠢ ᠶᠢᠨ ᠲᠥᠷᠥᠯ ᠵᠦᠢᠯ ᠢ ᠭᠤᠤᠯᠳᠠᠯᠭ᠎ᠠ ᠲᠠᠢ ᠰᠢᠨᠵᠢᠯᠡᠨ ᠪᠠᠶᠢᠴᠠᠭᠠᠵᠤ᠂ ᠮᠠ ᠯᠢ ᠬᠤᠸᠠ ᠮᠢᠩ ᠢᠦᠶ ᠬᠦᠨᠳᠦ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠤᠷᠠᠯᠠᠯ ᠤᠨ ᠶᠠᠪᠤᠴᠠ ᠶᠢ ᠨᠠᠷᠢᠨ ᠣᠶᠢᠯᠠᠭᠠᠭᠰᠠᠨ ᠪᠥᠭᠡᠳ ᠴᠠᠬᠢᠯᠭᠠᠨ ᠢᠶᠠᠷ ᠬᠠᠶᠢᠯᠤᠭᠰᠠᠨ ᠮᠠᠭᠨᠢ ᠶᠢᠨ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠪᠠ ᠪᠠᠯᠠ ᠣᠷᠣᠭᠤᠯᠤᠯᠲᠠ ᠶᠢᠨ ᠲᠥᠯᠥᠪᠯᠡᠭᠡ ᠶᠢᠨ ᠲᠤᠬᠠᠶ ᠲᠣᠰ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠲᠠᠢ ᠭᠦᠨᠵᠡᠭᠡᠶ ᠨᠡᠪᠲᠡᠷᠡᠯᠴᠡᠭᠡ ᠪᠠ ᠰᠣᠯᠢᠯᠴᠠᠭ᠎ᠠ ᠬᠢᠵᠡᠶ᠃    ᠠᠤᠬᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋᠂ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠠᠤᠬᠠᠨ ᠳᠠᠬᠢ ᠬᠤᠪᠢᠶᠠᠷᠢ ᠲᠣᠪᠴᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号