ᠤᠯᠤᠰ ᠤᠨ 305 ᠱᠤᠭᠤᠮ ᠤᠨ ᠳ᠋ᠠ ᠾᠸᠢ ᠱᠠᠨ ᠠᠴᠠ ᠶᠠᠩᠴᠠᠩ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠯᠭ᠎ᠠ ᠬᠤᠶᠠᠷ ᠱᠠᠲᠤᠨ ᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠠᠴᠠ ᠭᠠᠳᠠᠨᠠᠬᠢ ᠠᠵᠢᠯ ᠢ ᠰᠢᠯᠭᠠᠨ ᠠᠪᠴᠣ ᠳᠠᠭᠤᠰᠬᠠᠪᠠ
ᠨᠡᠶᠢᠲᠡᠯᠡᠭᠰᠡᠨ ᠴᠠᠭ᠄
2024/8/2
    ᠣᠶᠢᠷ᠎ᠠ ᠳᠤ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠭᠠᠳᠠᠨᠠᠬᠢ ᠠᠵᠢᠯ ᠢ ᠰᠢᠯᠭᠠᠨ ᠠᠪᠬᠤ ᠳᠤᠭᠤᠶᠢᠯᠠᠩ ᠪᠠᠶᠢᠭᠤᠯᠵᠤ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠨᠢᠭᠡᠳᠦᠭᠡᠷ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠶᠢᠨ ᠡᠭᠦᠷᠭᠡᠯᠡᠭᠰᠡᠨ ᠤᠯᠤᠰ ᠤᠨ ᠵᠠᠮ ᠤᠨ 305 ᠱᠤᠭᠤᠮ ᠤᠨ ᠳ᠋ᠠ ᠾᠧᠢ ᠱᠠᠨ ᠠᠴᠠ ᠶᠠᠩᠴᠠᠩ ᠬᠦᠷᠬᠦ ᠵᠠᠰᠠᠮᠠᠯ ᠵᠠᠮ ᠤᠨ ᠢᠨᠵᠧᠨᠧᠷᠢᠩ ᠤᠨ ᠬᠤᠶᠠᠷ ᠱᠠᠲᠤᠨ ᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠭᠠᠳᠠᠨᠠᠬᠢ ᠦᠢᠯᠡᠰ ᠤᠨ ᠬᠠᠶᠢᠨ ᠬᠡᠮᠵᠢᠯᠲᠡ᠂ ᠬᠠᠶᠢᠨ ᠪᠠᠶᠢᠴᠠᠭᠠᠯᠲᠠ ᠶᠢᠨ ᠠᠵᠢᠯ ᠢ ᠰᠢᠯᠭᠠᠨ ᠠᠪᠤᠪᠠ᠃ ᠰᠢᠯᠭᠠᠨ ᠠᠪᠬᠤ ᠳᠤᠭᠤᠶᠢᠯᠠᠩ ᠤᠨ ᠬᠢᠨ ᠬᠢᠨᠠᠨ ᠬᠡᠮᠵᠢᠬᠦ ᠨᠢᠭᠡᠴᠡ ᠶᠢᠨ ᠭᠠᠳᠠᠨᠠᠬᠢ ᠠᠵᠢᠯ ᠤᠨ ᠬᠠᠶᠢᠨ ᠬᠡᠮᠵᠢᠯᠲᠡ ᠵᠢᠴᠢ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠣᠰ ᠪᠠᠷᠢᠯᠭ᠎ᠠ ᠶᠢᠨ ᠲᠥᠷᠥᠯ ᠵᠦᠢᠯ ᠤᠨ ᠵᠠᠮ ᠱᠤᠭᠤᠮ ᠤᠨ ᠪᠠᠶᠢᠷᠢᠯᠠᠭᠤᠯᠤᠯᠲᠠ᠂ ᠭᠤᠤᠯ ᠡᠵᠡᠮᠳᠡᠬᠦ ᠴᠡᠭ᠂ ᠭᠤᠤᠯ ᠪᠣᠯᠬᠤ ᠵᠠᠮ ᠤᠨ ᠰᠣᠯᠪᠢᠴᠠᠭ᠎ᠠ᠂ ᠭᠤᠤᠯ ᠪᠣᠯᠬᠤ ᠬᠥᠭᠦᠷᠭᠡ ᠶᠢᠨ ᠨᠦᠬᠡᠨ ᠵᠠᠮ ᠤᠨ ᠣᠷᠣᠨ ᠪᠠᠶᠢᠷᠢ᠂ ᠬᠥᠭᠦᠷᠭᠡ ᠶᠢᠨ ᠨᠦᠬᠡᠨ ᠵᠠᠮ ᠤᠨ ᠰᠠᠭᠤᠷᠢ ᠵᠡᠷᠭᠡ ᠲᠥᠯᠥᠭᠡᠯᠡᠬᠦ ᠴᠢᠨᠠᠷᠲᠠᠶ ᠠᠵᠢᠯ ᠤᠨ ᠴᠡᠭ ᠤᠨ ᠬᠠᠶᠢᠨ ᠰᠢᠨᠵᠢᠯᠡᠭᠡᠨ ᠤ ᠲᠤᠬᠠᠶ ᠶᠢᠨ ᠲᠠᠯᠠᠪᠠᠶ ᠳᠤ ᠬᠢᠨᠠᠨ ᠪᠠᠶᠢᠴᠠᠭᠠᠯᠲᠠ ᠬᠢᠵᠦ᠂ ᠭᠠᠳᠠᠨᠠᠬᠢ ᠦᠢᠯᠡᠰ ᠤᠨ ᠬᠠᠶᠢᠨ ᠪᠠᠶᠢᠴᠠᠭᠠᠯᠲᠠ ᠶᠢᠨ ᠮᠠᠲ᠋ᠧᠷᠢᠶᠠᠯ ᠵᠢᠴᠢ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠨ ᠮᠡᠳᠡᠭᠦᠯᠦᠯᠲᠡ ᠶᠢ ᠪᠠᠶᠢᠴᠠᠭᠠᠨ ᠦᠵᠡᠪᠡ᠃ ᠰᠢᠯᠭᠠᠨ ᠠᠪᠬᠤ ᠳᠤᠭᠤᠶᠢᠯᠠᠩ ᠠᠴᠠ ᠲᠣᠰ ᠤᠳᠠᠭᠠᠨ ᠤ ᠬᠠᠶᠢᠨ ᠬᠡᠮᠵᠢᠯᠲᠡ ᠶᠢᠨ ᠦᠷ᠎ᠡ ᠪᠦᠲᠦᠭᠡᠯ ᠨᠢ ᠵᠠᠮ ᠲᠡᠭᠡᠭᠡᠪᠦᠷᠢ ᠶᠢᠨ ᠲᠢᠩᠬᠢᠮ ᠤᠨ ᠠᠵᠢᠯ ᠲᠥᠷᠥᠯ ᠤᠨ ᠬᠢᠨᠠᠨ ᠪᠠᠶᠢᠴᠠᠭᠠᠯᠲᠠ ᠶᠢᠨ ᠰᠠᠨᠠᠯ ᠳᠤ ᠨᠡᠶᠢᠴᠡᠵᠦ᠂ ᠣᠳᠣᠬᠢ ᠱᠠᠲᠤᠨ ᠤ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠳᠤ ᠬᠦᠷᠴᠦ᠂ ᠲᠣᠰ ᠤᠳᠠᠭᠠᠨ ᠤ ᠭᠠᠳᠠᠨᠠᠬᠢ ᠦᠢᠯᠡᠰ ᠤᠨ ᠰᠢᠯᠭᠠᠨ ᠠᠪᠬᠤ ᠶᠢ ᠵᠥᠪᠰᠢᠶᠡᠷᠡᠭᠰᠡᠨ ᠪᠥᠭᠡᠳ ᠲᠡᠭᠦᠯᠳᠡᠷᠵᠢᠭᠦᠯᠬᠦ ᠴᠢᠬᠤᠯᠠᠲᠠᠢ ᠰᠠᠨᠠᠯ ᠰᠠᠨᠠᠭᠤᠯᠭ᠎ᠠ ᠳᠤᠷᠠᠳᠴᠤ᠂ ᠵᠠᠯᠭᠠᠭᠠᠳ ᠤᠯᠤᠰ ᠤᠨ ᠵᠠᠮ ᠤᠨ 305 ᠱᠤᠭᠤᠮ ᠤᠨ ᠳ᠋ᠠ ᠾᠧᠢ ᠱᠠᠨ ᠠᠴᠠ ᠶᠠᠩ ᠴᠠᠩ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠢᠨᠵᠧᠨᠧᠷᠢᠩ ᠤᠨ ᠬᠤᠶᠠᠷ ᠱᠠᠲᠤᠨ ᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠭᠠᠳᠠᠨᠠᠬᠢ ᠦᠢᠯᠡᠰ ᠤᠨ ᠬᠠᠶᠢᠨ ᠬᠡᠮᠵᠢᠯᠲᠡ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠤᠰᠬᠠᠶ ᠵᠦᠢᠯ ᠤᠨ ᠰᠢᠯᠭᠠᠨ ᠠᠪᠬᠤ ᠬᠤᠷᠠᠯ ᠤᠨ ᠲᠣᠪᠴᠢ ᠲᠡᠮᠳᠡᠭᠯᠡᠯ ᠢ ᠳᠠᠷᠤᠮᠠᠯᠯᠠᠨ ᠲᠠᠷᠬᠠᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号