ᠦᠨᠳᠦᠰᠦᠲᠡᠨ ᠤ ᠪᠦᠯᠬᠦᠮᠳᠡᠯ ᠢ ᠦᠶ᠎ᠡ ᠶᠢᠨ ᠦᠶ᠎ᠡ ᠳᠡᠭᠡᠨ ᠤᠯᠠᠮᠵᠢᠯᠠᠶ᠎ᠠ
ᠨᠡᠶᠢᠲᠡᠯᠡᠭᠰᠡᠨ ᠴᠠᠭ᠄
2024/8/20
       ᠪᠣᠯᠪᠠᠰᠣᠨ᠂ ᠡᠮᠡᠭᠲᠡᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠣᠩᠭᠤᠵᠤ ᠪᠠᠭᠤᠯᠭᠠᠬᠤ ᠲᠥᠯᠥᠭᠡᠯᠡᠭᠴᠢ ᠶᠢᠨ ᠬᠠᠷᠢᠯᠴᠠᠬᠤ ᠠᠵᠢᠯ ᠤᠨ ᠵᠥᠪᠯᠡᠯ ᠤᠨ ᠡᠷᠬᠢᠯᠡᠭᠴᠢ᠂ ᠤᠯᠠᠭᠠᠨᠬᠠᠳᠠ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ᠃             ᠪᠣᠯᠪᠠᠰᠣᠨ ᠪᠣᠯ ︽ᠤᠯᠤᠰ ᠤᠨ ᠬᠡᠦᠬᠡᠳ︾ ᠤᠨ ᠥᠬᠢᠨ᠂ ᠲᠡᠭᠦᠨ ᠤ ᠡᠵᠢ ᠨᠢ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠤᠷᠤᠭᠰᠠᠨ︾ ᠤ ᠳᠣᠲᠣᠷᠠᠬᠢ ᠨᠢᠭᠡ ᠭᠡᠰᠢᠭᠦᠨ ᠪᠣᠯᠤᠨ᠎ᠠ᠃ 2021 ᠣᠨ ᠳᠤ ᠬᠤᠲᠠ᠂ ᠬᠤᠰᠢᠭᠤ ᠪᠠᠷ ᠤᠷᠢᠭᠳᠠᠭᠰᠠᠨ ︽ᠮᠢᠨᠦ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠤᠬᠠᠭᠤᠯᠤᠨ ᠲᠠᠶᠢᠯᠪᠤᠷᠢᠯᠠᠭᠴᠢ︾ ᠪᠣᠯᠤᠭᠰᠠᠨ ᠠᠴᠠ ᠨᠠᠰᠢ᠂ ᠪᠤᠯᠪᠠᠰᠤᠨ ᠡᠵᠢ ᠶᠢᠨ ᠢᠶᠠᠨ ᠥᠩᠭᠡᠷᠡᠯᠲᠡ ᠪᠠ ᠬᠡᠷ ᠪᠦᠯᠢ ᠶᠢᠨ ᠥᠯᠢᠭᠡᠷ ᠢ ᠶᠠᠷᠢᠬᠤ ᠪᠠᠷ ᠳᠡᠮᠵᠢᠨ᠂ ᠨᠠᠩ ᠣᠯᠠᠨ ᠬᠥᠮᠦᠰ ᠲᠤ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠣᠷᠣᠵᠤ ᠢᠷᠡᠭᠰᠡᠨ︾ ᠡᠨᠡ ᠬᠦ ᠭᠠᠵᠠᠷ ᠣᠷᠣᠨ᠂ ᠦᠨᠳᠦᠰᠦᠲᠡᠨ ᠪᠠ ᠴᠢᠰᠤᠨ ᠲᠥᠷᠥᠯ ᠠᠯᠤᠰᠯᠠᠭᠰᠠᠨ ᠭᠠᠶᠢᠬᠠᠮᠰᠢᠭᠲᠤ ᠥᠯᠢᠭᠡᠷ ᠢ ᠣᠶᠢᠯᠠᠭᠠᠭᠤᠯᠪᠠ᠃ 3 ᠵᠢᠯ ᠤᠨ ᠲᠤᠷᠰᠢ᠂ ᠪᠤᠯᠪᠠᠰᠤᠨ ᠤᠬᠠᠭᠤᠯᠤᠨ ᠲᠠᠶᠢᠯᠪᠤᠷᠢᠯᠠᠭᠴᠢ ᠶᠢᠨ ᠬᠤᠪᠢ ᠪᠠᠷ ᠶᠡᠭᠡ ᠳᠡᠭᠡᠳᠦ ᠰᠤᠷᠭᠠᠭᠤᠯᠢ᠂ ᠪᠠᠶᠢᠭᠤᠯᠭ᠎ᠠ᠂ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠲᠤ ᠬᠦᠷᠴᠦ᠂ ᠬᠡᠳᠦᠨ ᠠᠷᠪᠠᠨ ᠲᠠᠯᠠᠪᠤᠷ ᠤᠬᠠᠭᠤᠯᠤᠨ ᠲᠠᠶᠢᠯᠪᠤᠷᠢᠯᠠᠵᠤ ᠪᠡᠶᠡᠴᠢᠯᠡᠨ ᠣᠶᠢᠯᠠᠭᠠᠬᠤ ᠳᠠᠭᠠᠨ ᠮᠠᠰᠢ ᠣᠯᠠᠨ ᠮᠠᠷᠲᠠᠭᠳᠠᠰᠢ ᠥᠬᠡᠶ ᠴᠠᠭ ᠮᠥᠴᠡ ᠶᠢ ᠦᠯᠡᠳᠡᠭᠡᠵᠡᠶ ᠃               ᠪᠣᠯᠪᠠᠰᠣᠨ ᠤ ᠤᠬᠠᠭᠤᠯᠤᠨ ᠶᠠᠷᠢᠬᠤ ᠠᠭᠤᠯᠭ᠎ᠠ᠂ ᠬᠡᠰᠡᠭ ᠬᠤᠭᠤᠴᠠᠭ᠎ᠠ ᠠᠯᠤᠰᠯᠠᠬᠤ ᠪᠦᠷᠢ ᠪᠠᠭ᠎ᠠ ᠬᠤᠪᠢᠷᠠᠯᠲᠠ ᠲᠠᠢ᠃ ᠠᠰᠠᠷᠠᠨ ᠬᠥᠮᠦᠵᠢᠭᠦᠯᠦᠭᠴᠢ ᠨᠠᠰᠤᠲᠠᠨ ᠡᠵᠢ ᠶᠢᠨ ᠣᠲᠣ ᠶᠢᠨ ᠠᠮᠢᠳᠤᠷᠠᠯ ᠂ ᠪᠤᠰᠤᠳ ︽ᠤᠯᠤᠰ ᠤᠨ ᠬᠡᠦᠬᠡᠳ︾ ᠤᠨ ᠪᠠᠶᠢᠳᠠᠯ ᠨᠢ ᠴᠠᠭ ᠲᠤᠬᠠᠶ ᠳᠤᠨᠢ ᠰᠢᠨᠡᠳᠴᠦ ᠪᠠᠶᠢᠨ᠎ᠠ᠃ ᠪᠣᠯᠪᠠᠰᠣᠨ ᠡᠵᠢ ᠶᠢᠨ ᠢᠶᠠᠨ ᠥᠯᠢᠭᠡᠷ ᠢ ᠪᠣᠷᠣᠭᠵᠢᠭᠤᠨ ᠪᠥᠭᠡᠳ ᠠᠮᠢᠳᠤᠯᠢᠭ ᠬᠡᠯᠡ ᠪᠠᠷ ᠶᠠᠷᠢᠵᠤ ᠪᠠᠶᠢᠯ᠎ᠠ᠂ ᠲᠡᠷᠡ ᠢᠯᠡᠷᠬᠡᠶᠢᠯᠡᠬᠦ ᠳᠡᠭᠡᠨ᠂ ᠢᠩᠭᠢᠵᠦ ᠤᠬᠠᠭᠤᠯᠤᠨ ᠲᠠᠶᠢᠯᠪᠤᠷᠢᠯᠠᠬᠤ ᠨᠢ ᠮᠠᠰᠢ ᠤᠳᠬ᠎ᠠ ᠠᠭᠤᠯᠭ᠎ᠠ ᠲᠠᠢ ᠶᠤᠮ᠂ ᠣᠲᠣ ᠲᠡᠷᠡ ᠨᠢᠭᠡᠨᠲᠡ ᠦᠨᠳᠦᠰᠦᠲᠡᠨ ᠤ ᠪᠦᠯᠬᠦᠮᠳᠡᠯ ᠤᠨ ᠪᠣᠣᠬᠢᠶ᠎ᠠ ᠶᠢ ᠲᠣᠰᠴᠤ ᠠᠪᠤᠭᠰᠠᠨ ᠪᠣᠯᠬᠤᠷ ᠳᠡᠷᠭᠡᠳᠡᠬᠢ ᠨᠡᠶᠢᠲᠡᠯᠢᠭ ᠥᠯᠢᠭᠡᠷ ᠢ ᠠᠭᠤᠳᠠᠯᠤᠨ ᠡᠮᠬᠢᠳᠬᠡᠬᠦ ᠪᠠ ᠤᠬᠠᠭᠤᠯᠤᠨ ᠲᠠᠶᠢᠯᠪᠤᠷᠢᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠶᠠᠷᠢᠬᠤ ᠪᠣᠯᠤᠨ᠎ᠠ ᠭᠡᠵᠡᠶ᠃
 
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号