ᠰᠢᠨ ᠾᠦᠢ ᠪᠠᠯᠭᠠᠰᠤ 2024 ᠣᠨ ᠤ ᠲᠣᠰᠬᠤᠨ ᠳᠤ  ᠰᠠᠭᠤᠭ᠎ᠠ ᠬᠠᠪᠰᠤᠷᠤᠨ ᠲᠡᠳᠬᠦᠬᠦ ᠠᠵᠢᠯ ᠤᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/8/21
        ᠲᠣᠰᠬᠤᠨ ᠳᠤ ᠰᠠᠭᠤᠭ᠎ᠠ ᠠᠵᠢᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠣᠰᠬᠤᠨ ᠳᠤ ᠰᠠᠭᠤᠭ᠎ᠠ ᠠᠵᠢᠯ ᠤᠨ ᠬᠠᠷᠢᠭᠤᠴᠠᠯᠭ᠎ᠠ ᠶᠢ ᠪᠠᠬᠢᠵᠢᠭᠦᠯᠵᠦ᠂ ᠲᠣᠰᠬᠤᠨ ᠳᠤ  ᠰᠠᠭᠤᠭ᠎ᠠ ᠬᠠᠪᠰᠤᠷᠤᠨ ᠲᠡᠳᠬᠦᠬᠦ ᠠᠵᠢᠯ ᠤᠨ ᠪᠣᠳᠠᠲᠠᠶᠢᠵᠢᠨ ᠭᠦᠨᠵᠡᠭᠡᠶᠢᠷᠡᠬᠦ ᠶᠢ ᠠᠬᠢᠭᠤᠯᠬᠤ ᠶᠢᠨ ᠲᠥᠯᠥᠭᠡ ᠂  ᠣᠶᠢᠷ᠎ᠠ ᠳᠤ᠂ ᠰᠢᠨ  ᠾᠦᠢ ᠪᠠᠯᠭᠠᠰᠤ 2024 ᠣᠨ ᠤ ᠲᠣᠰᠬᠤᠨ ᠳᠤ  ᠰᠠᠭᠤᠭ᠎ᠠ ᠬᠠᠪᠰᠤᠷᠤᠨ ᠲᠡᠳᠬᠦᠬᠦ ᠠᠵᠢᠯ ᠤᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠡᠰᠡᠭ ᠨᠠᠮ ᠤᠨ ᠭᠡᠰᠢᠭᠦᠨ ᠤ ᠲᠥᠯᠥᠭᠡᠯᠡᠭᠴᠢ᠂ ᠣᠯᠠᠨ ᠲᠦᠮᠡᠨ ᠤ ᠲᠥᠯᠥᠭᠡᠯᠡᠭᠴᠢ ᠬᠤᠷᠠᠯ ᠳᠤ ᠣᠷᠣᠯᠴᠠᠵᠠᠶ᠃    ᠬᠤᠷᠠᠯ ᠠᠴᠠ ᠡᠮᠦᠨ᠎ᠡ᠂ ᠰᠢᠨ ᠾᠦᠢ ᠪᠠᠯᠭᠠᠰᠤᠨ ᠳᠤ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠠᠵᠢᠯ ᠤᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠲᠤᠰᠬᠠᠢ ᠠᠩᠬᠢ ᠪᠠᠶᠢᠭᠤᠯᠵᠤ᠂ ᠲᠤᠬᠠᠢ ᠶᠢᠨ ᠲᠠᠯᠠᠪᠠᠢ ᠳᠤ ᠲᠤᠰᠢᠶᠠᠯ ᠤᠨ ᠮᠡᠳᠡᠭᠦᠯᠦᠯᠲᠡ ᠬᠢᠬᠦ᠂ ᠲᠤᠰᠬᠠᠢ ᠶᠠᠷᠢᠯᠴᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠤᠯᠠᠨ ᠲᠦᠮᠡᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠲᠣᠰᠬᠤᠨ ᠳᠤ ᠰᠠᠭᠤᠭ᠎ᠠ ᠺᠠᠳ᠋ᠷ ᠤᠨ ᠠᠵᠢᠯ ᠢ ᠨᠠᠷᠢᠨ ᠪᠣᠳᠠᠲᠠᠢ ᠣᠶᠢᠯᠠᠭᠠᠪᠠ᠃    ᠬᠤᠷᠠᠯ ᠳᠡᠭᠡᠷ᠎ᠡ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠨ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠬᠦ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠵᠢᠴᠢ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠵᠡᠷᠭᠡ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ᠂ ᠠᠵᠢᠯ ᠤᠨ ᠦᠷ᠎ᠡ ᠪᠦᠲᠦᠮᠵᠢ ᠪᠠᠨ ᠳᠡᠯᠭᠡᠨ ᠦᠵᠡᠭᠦᠯᠵᠦ᠂ ᠲᠣᠰᠬᠤᠨ ᠳᠤ ᠰᠠᠭᠤᠭ᠎ᠠ ᠣᠯᠤᠯᠲᠠ ᠲᠥᠷᠥᠭᠳᠡᠯ ᠢᠶᠠᠨ ᠬᠤᠪᠢᠶᠠᠯᠴᠠᠪᠠ᠃ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠳᠡᠭᠡᠷ᠎ᠡ ᠬᠠᠭᠠᠰ ᠵᠢᠯ ᠤᠨ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠪᠠᠨ ᠳ᠋ᠦᠩᠨᠡᠨ ᠬᠠᠷᠢᠭᠤ ᠮᠡᠳᠡᠭᠦᠯᠬᠦ ᠶᠢᠨ ᠬᠠᠮᠲᠤ ᠳᠣᠣᠷ᠎ᠠ ᠬᠠᠭᠠᠰ ᠵᠢᠯ ᠤᠨ ᠬᠠᠪᠰᠤᠷᠤᠨ ᠲᠡᠳᠬᠦᠬᠦ ᠠᠵᠢᠯ ᠳᠤ ᠪᠣᠳᠠᠲᠠᠢ ᠠᠷᠭ᠎ᠠ ᠬᠡᠮᠵᠢᠶ᠎ᠡ ᠪᠠ ᠠᠷᠭ᠎ᠠ ᠪᠣᠳᠣᠯᠭ᠎ᠠ ᠳᠤᠷᠠᠳᠪᠠ᠃ ᠬᠤᠷᠠᠯ ᠳᠤ ᠣᠷᠣᠯᠴᠠᠭᠰᠠᠳ ᠲᠣᠰᠬᠤᠨ ᠳᠤ ᠰᠠᠭᠤᠭ᠎ᠠ ᠡᠯ᠎ᠡ ᠠᠵᠢᠯᠳᠠᠨ ᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ ᠨᠠᠶᠢᠳᠠᠪᠤᠷᠢᠵᠢᠭᠤᠯᠬᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠢᠴᠢ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠵᠡᠷᠭᠡ ᠲᠠᠯ᠎ᠠ ᠪᠠᠷ ᠰᠢᠯᠭᠠᠨ ᠦᠨᠡᠯᠡᠪᠡ     ᠬᠤᠷᠠᠯ ᠠᠴᠠ᠂ ᠲᠣᠰᠬᠤᠨ ᠳᠤ  ᠰᠠᠭᠤᠭ᠎ᠠ ᠬᠠᠪᠰᠤᠷᠤᠨ ᠲᠡᠳᠬᠦᠬᠦ ᠠᠵᠢᠯ ᠤᠨ ᠠᠩᠭᠢ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠴᠢᠬᠤᠯᠠ ᠬᠦᠴᠦᠨ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠬᠦᠴᠦᠨ ᠮᠥᠨ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠬᠥᠭᠵᠢᠯᠲᠡ ᠶᠢ ᠠᠬᠢᠭᠤᠯᠬᠤ᠂ ᠬᠥᠭᠵᠢᠭᠦᠯᠦᠨ ᠮᠠᠨᠳᠤᠭᠤᠯᠬᠤ ᠶᠢ ᠰᠦᠪᠡᠭᠴᠢᠯᠡᠬᠦ︾ ᠠᠵᠢᠯ ᠤᠨ ᠭᠤᠤᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠶ ᠪᠠᠷ ᠠᠵᠢᠯᠯᠠᠵᠤ᠂ ᠰᠢᠨ᠎ᠡ ᠶᠢ ᠡᠭᠦᠳᠦᠨ ᠪᠣᠳᠠᠲᠠᠶ ᠠᠵᠢᠯᠯᠠᠵᠤ᠂ ᠲᠣᠰᠬᠤᠨ ᠳᠤ  ᠰᠠᠭᠤᠭ᠎ᠠ ᠬᠠᠪᠰᠤᠷᠤᠨ ᠲᠡᠳᠬᠦᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠨᠢᠭᠡ ᠳᠤ ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠦᠵᠡᠯ ᠰᠠᠨᠠᠭᠠᠨ ᠤ ᠲᠠᠯ᠎ᠠ ᠪᠠᠷ ᠲᠣᠰᠬᠤᠨ ᠳᠤ  ᠰᠠᠭᠤᠭ᠎ᠠ ᠬᠠᠪᠰᠤᠷᠤᠨ ᠲᠡᠳᠬᠦᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠬᠠᠪᠰᠤᠷᠤᠨ ᠲᠡᠳᠬᠦᠬᠦ ᠠᠵᠢᠯ ᠤᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠲᠣᠰᠬᠤᠨ ᠳᠤ  ᠰᠠᠭᠤᠭ᠎ᠠ ᠬᠠᠪᠰᠤᠷᠤᠨ ᠲᠡᠳᠬᠦᠬᠦ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠠᠵᠢᠯ ᠤᠨ ᠪᠠᠶᠢᠷᠢ ᠪᠠᠨ ᠪᠠᠲᠤ ᠰᠠᠬᠢᠬᠤ ᠬᠡᠷᠡᠭᠲᠡᠢ᠃ ᠭᠤᠷᠪᠠ ᠳᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ᠃ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠪᠣᠭᠤᠮᠢ ᠶᠢᠨ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠲᠣᠰᠬᠤᠨ ᠳᠤ  ᠰᠠᠭᠤᠭ᠎ᠠ ᠬᠠᠪᠰᠤᠷᠤᠨ ᠲᠡᠳᠬᠦᠬᠦ ᠠᠵᠢᠯ ᠤᠨ ᠨᠡᠩ ᠶᠡᠭᠡ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠳᠠᠷᠠᠭᠠᠴᠢ ᠶᠢᠨ ᠠᠯᠬᠤᠮ ᠳᠤ᠂ ᠰᠢᠨ ᠾᠦᠢ ᠪᠠᠯᠭᠠᠰᠤ ᠶᠢᠨ ᠬᠢᠨ ᠲᠣᠰᠬᠤᠨ ᠳᠤ  ᠰᠠᠭᠤᠭ᠎ᠠ ᠬᠠᠪᠰᠤᠷᠤᠨ ᠲᠡᠳᠬᠦᠬᠦ ᠠᠵᠢᠯ ᠤᠨ ᠰᠢᠨ᠎ᠡ ᠵᠠᠮ ᠢ ᠢᠳᠡᠪᠬᠢᠲᠡᠢ ᠰᠦᠪᠡᠭᠴᠢᠯᠡᠵᠦ᠂ ᠤᠯᠠᠨ ᠲᠠᠯ᠎ᠠ ᠪᠠᠷ ᠬᠦᠴᠦᠯᠡᠵᠦ᠂ ᠬᠠᠪᠰᠤᠷᠤᠨ ᠲᠡᠳᠬᠦᠬᠦ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠠᠪᠰᠤᠷᠤᠨ ᠲᠡᠳᠬᠦᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠠᠵᠢᠯ ᠢ ᠴᠢᠨᠠᠭᠰᠢᠳᠠ ᠰᠠᠶᠢᠲᠤᠷ ᠬᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号