ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠥᠷᠪᠡᠨ ᠠᠷᠭ᠎ᠠ ᠬᠡᠮᠵᠢᠶ᠎ᠡ ᠠᠪᠴᠤ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢ ᠬᠢᠨᠠᠨ ᠲᠣᠭᠲᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2024/8/21
     ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢ ᠠᠷᠪᠢᠯᠠᠨ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢᠨ ᠬᠢᠨᠠᠨ ᠲᠣᠭᠲᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠶ ᠭᠦᠢᠴᠡᠳᠬᠡᠵᠦ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠎ᠡ᠃ 2024 ᠣᠨ ᠤ 1—7 ᠰᠠᠷ᠎ᠠ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢᠭᠡᠨᠲᠡ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ ᠲᠦᠷᠦᠯ ᠵᠦᠢᠯ ᠢ 407 ᠪᠡᠶᠡᠯᠡᠭᠦᠯᠵᠦ᠂ ᠬᠦᠷᠭᠡᠵᠦ ᠬᠢᠨᠠᠭᠤᠯᠤᠭᠰᠠᠨ ᠶᠡᠷᠦᠩᠬᠡᠢ ᠵᠣᠭᠤᠰ ᠤᠨ ᠲᠤᠭ᠎ᠠ 4.21 ᠳ᠋ᠦᠩᠰᠢᠭᠤᠷ ᠲᠥᠭᠦᠷᠢᠭ᠂ ᠬᠢᠨᠠᠨ ᠲᠣᠭᠲᠠᠭᠠᠭᠰᠠᠨ ᠶᠡᠷᠦᠩᠬᠡᠢ ᠵᠣᠭᠤᠰ ᠤᠨ ᠲᠤᠭ᠎ᠠ 3.73 ᠳ᠋ᠦᠩᠰᠢᠭᠤᠷ ᠲᠥᠭᠦᠷᠢᠭ᠂ 0.48 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠠᠷᠪᠢᠯᠠᠵᠤ᠂ ᠪᠡᠯᠡ ᠮᠥᠩᠭᠦ ᠶᠢ ᠠᠷᠪᠢᠯᠠᠭᠰᠠᠨ ᠨᠤᠷᠮ᠎ᠠ 11.4% ᠪᠣᠯᠤᠨ᠎ᠠ᠃    ᠨᠢᠭᠡ ᠳᠤ᠂ ᠲᠥᠷᠥᠯ ᠵᠦᠢᠯ ᠢ ᠬᠦᠷᠭᠡᠨ ᠬᠢᠨᠠᠭᠤᠯᠬᠤ ᠲᠠᠰ ᠳᠠᠷᠠᠭᠠᠯᠠᠯ ᠢ ᠵᠢᠷᠤᠮᠵᠢᠭᠤᠯᠪᠠ᠃ ᠬᠦᠷᠭᠡᠨ ᠬᠢᠨᠠᠭᠤᠯᠬᠤ ᠲᠥᠷᠥᠯ ᠵᠦᠢᠯ ᠤᠨ ᠰᠡᠳᠦᠪ ᠲᠣᠭᠲᠠᠭᠠᠬᠤ ᠴᠣᠬᠤᠯᠠᠪᠤᠷᠢ᠂ ᠤᠷᠢᠳᠴᠢᠯᠠᠨ ︵ᠳ᠋ᠦᠩᠨᠡᠨ ᠪᠣᠳᠣᠬᠤ︶  ᠪᠣᠲᠣᠬᠤ ᠪᠢᠴᠢᠭ᠂ ᠪᠠᠷᠢᠯᠭ᠎ᠠ ᠶᠢᠨ ᠬᠡᠮᠵᠢᠯᠲᠡ ᠶᠢᠨ ᠨᠣᠮ᠂ ᠬᠢᠨᠠᠨ ᠵᠥᠪᠰᠢᠶᠡᠷᠡᠬᠦ ᠰᠢᠢᠳᠪᠦᠷᠢᠲᠦ ᠪᠣᠳᠣᠯᠭ᠎ᠠ ᠶᠢᠨ ᠴᠢᠬᠤᠯᠠ ᠨᠥᠬᠦᠴᠡᠯ ᠵᠢᠴᠢ ᠲᠥᠷᠥᠯ ᠵᠦᠢᠯ ᠤᠨ ᠪᠡᠯᠡ ᠮᠥᠩᠭᠦ ᠶᠢᠨ ᠢᠷᠡᠯᠲᠡ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠪᠦᠬᠦ ᠲᠠᠯ᠎ᠠ ᠪᠠᠷ ᠬᠢᠨᠠᠨ ᠪᠠᠶᠢᠴᠠᠭᠠᠵᠤ᠂ ᠬᠠᠩᠭᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠬᠠᠤᠯᠢ ᠶᠣᠰᠣᠴᠢ ᠴᠢᠨᠠᠷ ᠢ ᠪᠠᠲᠤᠯᠠᠨ᠎ᠠ᠃    ᠬᠤᠶᠠᠷ ᠲᠤ᠂ ᠲᠥᠷᠥᠯ  ᠵᠦᠢᠯ ᠤᠨ ᠮᠥᠷᠳᠡᠨ ᠬᠢᠨᠠᠨ ᠲᠣᠭᠲᠠᠭᠠᠬᠤ ᠶᠢ ᠴᠢᠩᠭᠠᠳᠬᠠᠪᠠ᠃ ᠲᠥᠷᠥᠯ ᠵᠦᠢᠯ ᠢ ᠬᠢᠨᠠᠨ ᠲᠣᠭᠲᠠᠭᠠᠬᠤ ᠶᠢ ᠮᠥᠷᠳᠡᠬᠦ ᠲᠣᠭᠲᠠᠴᠠ ᠶᠢ ᠪᠠᠶᠢᠭᠤᠯᠵᠤ᠂ ᠲᠤᠰᠬᠠᠶ ᠬᠥᠮᠦᠨ ᠲᠣᠬᠢᠷᠠᠭᠤᠯᠤᠨ ᠬᠢᠨᠠᠨ ᠲᠣᠭᠲᠠᠭᠠᠬᠤ ᠲᠥᠷᠥᠯ ᠵᠦᠢᠯ ᠢ ᠪᠥᠬᠦ ᠶᠠᠪᠤᠴᠠ ᠳᠤ ᠮᠥᠷᠳᠡᠭᠦᠯᠵᠦ᠂ ᠬᠢᠨᠠᠨ ᠲᠣᠭᠲᠠᠭᠠᠬᠤ ᠲᠥᠷᠥᠯ ᠵᠦᠢᠯ ᠤᠨ ᠴᠠᠭ ᠬᠤᠭᠤᠴᠠᠭᠠᠲᠤ ᠴᠢᠨᠠᠷ ᠢ ᠪᠠᠲᠤᠯᠠᠬᠤ ᠶᠢᠨ ᠬᠠᠮᠲᠤ᠂ ᠬᠢᠨᠠᠨ ᠲᠣᠭᠲᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ ᠬᠠᠷᠢᠭᠤ ᠲᠤᠰᠬᠠᠬᠤ ᠪᠠ ᠵᠠᠯᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠨ᠂ ᠲᠥᠷᠥᠯ ᠵᠦᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠠᠭᠢᠬᠤ ᠶᠢ ᠦᠨᠡᠨᠬᠦ ᠪᠠᠲᠤᠯᠠᠬᠤ ᠬᠡᠷᠡᠭᠲᠡᠶ᠃    ᠭᠤᠷᠪᠠ ᠳᠤ᠂ ᠲᠥᠷᠥᠯ ᠵᠦᠢᠯ ᠢ ᠬᠢᠨᠠᠨ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠪᠡ᠃ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠤᠨ ᠬᠤᠷᠠᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ ᠢ ᠬᠡᠷᠡᠭᠵᠢᠭᠦᠯᠵᠦ᠂ ᠲᠥᠷᠥᠯ ᠵᠦᠢᠯ ᠢ ᠬᠢᠨᠠᠨ ᠲᠣᠭᠲᠠᠭᠠᠬᠤ ᠶᠠᠪᠤᠴᠠ ᠳᠤ ᠢᠯᠡᠷᠡᠭᠦᠯᠦᠭᠰᠡᠨ ᠮᠠᠷᠭᠤᠯᠳᠤᠭᠠᠨ ᠪᠤᠶᠤ ᠴᠢᠬᠤᠯᠠ ᠶᠡᠭᠡ ᠬᠢᠨᠠᠨ ᠲᠣᠭᠲᠠᠭᠠᠬᠤ ᠵᠦᠢᠯᠡᠰ ᠲᠤ ᠲᠤᠬᠠᠶᠢᠯᠠᠭᠰᠠᠨ ᠠᠵᠢᠯ ᠤᠨ ᠬᠤᠷᠠᠯ ᠤᠨ ᠶᠠᠷᠢᠯᠴᠠᠬᠤ ᠠᠷᠭ᠎ᠠ ᠮᠠᠶ᠋ᠢᠭ ᠢ ᠠᠪᠴᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠬᠠᠮᠲᠤ ᠬᠢᠨᠠᠨ ᠲᠣᠭᠲᠠᠭᠠᠬᠤ ᠮᠡᠳᠡᠭᠦᠯᠦᠯᠲᠡ ᠶᠢ ᠬᠢᠨᠠᠨ ᠬᠠᠷᠭᠤᠭᠤᠯᠬᠤ ᠠᠵᠢᠯ ᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠡᠳ᠋ ᠤᠨ ᠵᠠᠰᠠᠭ ᠤᠨ ᠦᠨᠡᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃    ᠳᠥᠷᠪᠡ ᠳᠤ᠂ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠪᠡ᠃ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠨ ᠢ ᠦᠷᠭᠦᠯᠵᠢ ᠵᠣᠬᠢᠶᠠᠨ ᠪᠠᠶᠢᠭᠤᠯᠤᠨ ᠰᠤᠷᠤᠯᠴᠠᠭᠤᠯᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠪᠠᠶᠢᠭᠤᠯᠤᠭᠰᠠᠨ ᠦᠨ᠎ᠡ ᠶᠢ ᠬᠢᠨᠠᠨ ᠲᠣᠭᠲᠠᠭᠠᠬᠤ ᠵᠡᠷᠭᠡ ᠮᠡᠳᠡᠯᠭᠡ ᠶᠢᠨ ᠬᠦᠷᠢᠶᠡᠨ ᠳᠠᠬᠢ ᠰᠤᠷᠤᠯᠴᠠᠯᠭ᠎ᠠ ᠪᠠ ᠪᠠᠶᠢᠭᠤᠯᠤᠭᠰᠠᠨ ᠦᠨ᠎ᠡ᠂ ᠦᠨ᠎ᠡ ᠯᠠᠪᠯᠠᠬᠤ ᠵᠥᠭᠡᠯᠡᠨ ᠲᠣᠨᠤᠭ ᠤᠨ ᠬᠡᠷᠡᠭᠯᠡᠯᠲᠡ ᠶᠢ ᠭᠤᠤᠯᠳᠠᠯᠭ᠎ᠠ ᠲᠠᠢ ᠴᠢᠩᠭᠠᠳᠬᠠᠵᠤ᠂ ᠡᠳ᠋ ᠤᠨ ᠵᠠᠰᠠᠭ ᠤᠨ ᠬᠢᠨᠠᠨ ᠲᠣᠭᠲᠠᠭᠠᠬᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠥᠪ ᠴᠢᠭᠯᠡᠯ ᠢᠶᠠᠷ ᠬᠥᠲᠥᠯᠥᠨ ᠵᠢᠯᠣᠭᠤᠳᠬᠤ ᠶᠢ ᠪᠠᠷᠢᠮᠲᠠᠯᠠᠵᠤ᠂ ︽  ᠠᠬᠠᠮᠠᠳ ᠢᠶᠠᠷ ᠰᠢᠨ᠎ᠡ ᠶᠢ ᠳᠠᠶᠢᠴᠢᠯᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠨ᠎ᠡ ᠪᠠᠷ ᠬᠢᠨᠠᠨ ᠲᠣᠭᠲᠠᠭᠠᠬᠤ ᠺᠠᠳ᠋ᠷ ᠢ ᠬᠠᠪᠰᠤᠷᠤᠨ ᠬᠢᠨᠠᠨ ᠲᠣᠭᠲᠠᠭᠠᠬᠤ ᠠᠵᠢᠯ ᠤᠨ ᠲᠤᠬᠠᠶᠢᠯᠠᠭᠰᠠᠨ ᠠᠵᠢᠯ ᠢ ᠣᠶᠢᠯᠠᠭᠠᠭᠤᠯᠵᠤ᠂ ᠬᠢᠨᠠᠨ ᠲᠣᠭᠲᠠᠭᠠᠬᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠬᠥᠭᠵᠢᠭᠡᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠬᠤ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号