ᠠᠤᠬᠠᠨ ᠬᠤᠰᠢᠭᠤᠨ ᠤ ᠤᠰᠤᠨ ᠴᠥᠭᠦᠷᠥᠮ ᠤᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/21
    ᠣᠶᠢᠷ᠎ᠠ ᠶᠢᠨ ᠬᠤᠭᠤᠴᠠᠭᠠᠨ ᠤ ᠬᠤᠷ᠎ᠠ ᠲᠣᠨᠣᠳᠠᠰᠤ ᠨᠡᠯᠢᠶᠡᠳ ᠠᠷᠪᠢᠨ ᠪᠠᠶᠢᠬᠤ ᠪᠠᠶᠢᠳᠠᠯ ᠳᠤ ᠴᠢᠭᠯᠡᠭᠦᠯᠦᠨ᠂ ᠦᠶᠡᠷ ᠢ ᠰᠡᠷᠭᠡᠶᠢᠯᠡᠬᠦ ᠪᠠᠶᠢᠳᠠᠯ ᠡᠳᠦᠷ ᠢᠷᠡᠬᠦᠶ᠎ᠡ ᠬᠦᠨᠳᠦ ᠨᠣᠴᠢᠲᠠᠶ ᠪᠣᠯᠵᠣ᠂ ᠠᠤᠬᠠᠨ ᠬᠤᠰᠢᠭᠤᠨ ᠤ ᠤᠰᠤᠨ ᠴᠥᠭᠦᠷᠥᠮ ᠤᠨ ᠤᠰᠤᠯᠠᠯᠲᠠ ᠶᠢᠨ ᠣᠷᠣᠨ ᠤ ᠬᠠᠮᠢᠶᠠᠷᠴᠤ ᠬᠠᠮᠠᠭᠠᠯᠠᠬᠤ ᠲᠥᠪ ᠦᠶᠡᠷ ᠤᠨ ᠬᠤᠭᠤᠴᠠᠭᠠᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠤᠰᠤᠨ ᠴᠥᠭᠦᠷᠥᠮ ᠤᠨ ᠤᠰᠤᠯᠠᠯᠲᠠ ᠶᠢᠨ ᠣᠷᠣᠨ ᠤ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃    ᠵᠢᠭᠰᠠᠭᠠᠨ ᠪᠠᠶᠢᠴᠠᠭᠠᠬᠤ ᠠᠵᠢᠯ ᠤᠨ ᠪᠥᠬᠦ ᠲᠠᠯ᠎ᠠ ᠶᠢᠨ᠂ ᠨᠠᠷᠢᠨ ᠨᠢᠮᠪᠠᠶ᠂ ᠭᠦᠨᠵᠡᠭᠡᠶᠢᠷᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠠᠮᠢᠶᠠᠷᠴᠤ ᠬᠠᠮᠠᠭᠠᠯᠠᠬᠤ ᠲᠥᠪ ᠲᠤ ᠦᠶᠡᠷ ᠤᠨ ᠬᠤᠭᠤᠴᠠᠭᠠᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠲᠤᠰᠬᠠᠶ ᠳᠤᠭᠤᠶᠢᠯᠠᠩ ᠪᠠᠶᠢᠭᠤᠯᠵᠤ᠂ ᠲᠤᠷᠰᠢᠯᠭ᠎ᠠ ᠪᠠᠷ ᠪᠠᠶᠠᠯᠢᠭ ᠮᠡᠷᠭᠡᠵᠢᠯ ᠤᠨ ᠠᠵᠢᠯᠲᠠᠨ ᠪᠠ ᠬᠠᠮᠢᠶᠠᠷᠤᠯᠲᠠ ᠶᠢᠨ ᠠᠵᠢᠯᠲᠠᠨ ᠢᠶᠠᠷ ᠪᠦᠷᠢᠯᠳᠦᠵᠡᠶ᠃ ᠵᠢᠭᠰᠠᠭᠠᠨ ᠪᠠᠶᠢᠴᠠᠭᠠᠬᠤ ᠳᠤᠭᠤᠶᠢᠯᠠᠩ ᠤᠨ ᠬᠢᠨ ᠤᠰᠤᠨ ᠴᠥᠭᠦᠷᠥᠮ ᠤᠨ ᠶᠡᠭᠡ ᠬᠠᠰᠢᠯᠭ᠎ᠠ᠂ ᠦᠶᠡᠷ ᠵᠠᠯᠠᠬᠤ ᠵᠠᠮ᠂ ᠤᠰᠤ ᠳᠠᠮᠵᠢᠭᠤᠯᠬᠤ ᠭᠤᠯᠳᠤᠩ ᠨᠦᠬᠡ ᠵᠡᠷᠭᠡ ᠵᠠᠩᠭᠢᠯᠠᠭ᠎ᠠ ᠶᠢᠨ ᠬᠡᠰᠡᠭ ᠲᠤ ᠨᠠᠷᠢᠨ ᠪᠠᠶᠢᠴᠠᠭᠠᠯᠲᠠ ᠬᠢᠵᠦ᠂ ᠶᠡᠭᠡ ᠬᠠᠰᠢᠯᠭ᠎ᠠ ᠶᠢᠨ ᠠᠩ ᠴᠠᠪᠠ ᠭᠠᠷᠤᠭᠰᠠᠨ ᠡᠰᠡᠬᠦ᠂ ᠤᠰᠤ ᠯᠡᠪᠡᠷᠡᠬᠦ ᠵᠠᠮ ᠰᠠᠭᠠᠳ ᠦᠭᠡᠢ ᠪᠠᠶᠢᠬᠤ ᠡᠰᠡᠬᠦ᠂ ᠤᠰᠤ ᠳᠠᠮᠵᠢᠭᠤᠯᠬᠤ ᠭᠤᠯᠳᠤᠷᠢᠯ ᠬᠡᠪ ᠤᠨ ᠶᠣᠰᠣᠭᠠᠷ ᠠᠵᠢᠯᠯᠠᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ ᠤᠰᠤᠯᠠᠯᠲᠠ ᠶᠢᠨ ᠣᠷᠣᠨ ᠤ ᠠᠷᠭ᠎ᠠ ᠵᠠᠮ ᠤᠨ ᠲᠠᠯ᠎ᠠ ᠪᠠᠷ᠂ ᠵᠢᠭᠰᠠᠭᠠᠨ ᠪᠠᠶᠢᠴᠠᠭᠠᠬᠤ ᠠᠵᠢᠯᠲᠠᠨ  ᠤᠷᠤᠰᠬᠠᠯ ᠤᠨ ᠵᠠᠮ ᠢᠶᠠᠷ ᠬᠡᠰᠡᠭ ᠳᠠᠷᠠᠭᠠᠯᠠᠨ ᠲᠣᠭᠤᠷᠢᠨ ᠪᠠᠶᠢᠴᠠᠭᠠᠵᠤ᠂ ᠤᠷᠤᠰᠬᠠᠯ ᠤᠨ ᠵᠠᠮ ᠤᠨ  ᠵᠡᠷᠬᠡᠯᠡᠭᠰᠡᠨ ᠪᠦᠷᠢᠨ ᠪᠦᠲᠦᠨ ᠪᠠᠶᠢᠬᠤ ᠡᠰᠡᠬᠦ᠂ ᠨᠤᠷᠠᠭᠰᠠᠨ ᠡᠰᠡᠬᠦ᠂  ᠰᠢᠪᠠᠷ ᠪᠠᠶᠢᠬᠤ ᠡᠰᠡᠬᠦ ᠵᠡᠷᠭᠡ ᠪᠠᠶᠢᠳᠠᠯ ᠢ  ᠪᠠᠶᠢᠴᠠᠭᠠᠪᠠ᠃ ᠡᠭᠦᠨ ᠤ ᠬᠠᠮᠲᠤ᠂ ᠡᠯ᠎ᠡ ᠲᠥᠷᠥᠯ ᠤᠨ ᠬᠠᠭᠠᠯᠲᠠ᠂ ᠨᠡᠭᠡᠭᠡᠵᠦ ᠬᠠᠭᠠᠬᠤ ᠮᠠᠰᠢᠨ ᠵᠡᠷᠭᠡ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠬᠤ ᠪᠠ ᠬᠠᠮᠠᠭᠠᠯᠠᠵᠤ᠂ ᠦᠶᠡᠷ ᠤᠨ ᠬᠤᠭᠤᠴᠠᠭᠠᠨ ᠳᠤ ᠠᠮᠢᠳᠤᠯᠢᠭ ᠢᠶᠠᠷ  ᠨᠡᠬᠡᠭᠡᠵᠦ ᠪᠢᠲᠡᠭᠦᠮᠵᠢᠯᠡᠬᠦ ᠶᠢ ᠦᠨᠡᠨᠬᠦ ᠪᠠᠲᠤᠯᠠᠵᠤ᠂ ᠤᠰᠤᠨ ᠤᠷᠤᠰᠬᠠᠯ ᠢ ᠣᠨᠣᠪᠴᠢᠲᠠᠶ ᠲᠣᠬᠢᠷᠠᠭᠤᠯᠤᠨ ᠡᠵᠡᠮᠳᠡᠬᠦ ᠶᠢ ᠪᠠᠲᠤᠯᠠᠪᠠ᠃    ᠡᠭᠦᠨ ᠠᠴᠠ ᠭᠠᠳᠠᠨ᠎ᠠ᠂ ᠬᠠᠮᠢᠶᠠᠷᠴᠤ ᠬᠠᠮᠠᠭᠠᠯᠠᠬᠤ ᠲᠥᠪ ᠨᠢ ᠪᠠᠰᠠ ᠡᠷᠭᠢᠨ ᠲᠣᠭᠤᠷᠢᠨ ᠤ ᠠᠭᠤᠯᠠᠨ ᠴᠣᠭᠴᠠ ᠂ ᠬᠠᠵᠠᠭᠤ ᠬᠥᠲᠥᠯ ᠢ ᠬᠢᠨᠠᠨ ᠬᠡᠮᠵᠢᠬᠦ ᠂ ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ ᠵᠡᠷᠭᠡ ᠭᠠᠵᠠᠷ ᠤᠨ ᠭᠠᠶ ᠭᠠᠮᠰᠢᠭ ᠢ ᠰᠡᠷᠭᠡᠶᠢᠯᠡᠵᠦ ᠤᠰᠤᠨ ᠴᠥᠭᠦᠷᠥᠮ ᠪᠣᠯᠤᠨ ᠤᠰᠤᠯᠠᠯᠲᠠ ᠶᠢᠨ ᠣᠷᠣᠨ ᠤ ᠲᠥᠬᠦᠭᠡᠷᠦᠮᠵᠢ ᠳᠤ ᠰᠦᠷᠳᠡᠭᠦᠯᠦᠯ  ᠤᠴᠠᠷᠠᠭᠤᠯᠵᠤ ᠮᠡᠳᠡᠬᠦ ᠵᠡᠷᠭᠡ ᠶᠢ ᠪᠠᠶᠢᠴᠠᠭᠠᠨ ᠴᠢᠩᠭᠠᠳᠬᠠᠪᠠ᠃ ᠵᠢᠭᠰᠠᠭᠠᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠮᠤᠷ ᠲᠦᠪᠰᠢᠨ ᠤ ᠬᠡᠮ ᠰᠣᠭᠤᠭ ᠢ ᠬᠠᠮᠢᠶᠠᠷᠤᠨ ᠬᠠᠮᠠᠭᠠᠯᠠᠬᠤ ᠲᠥᠪ ᠠᠴᠠ ︽ᠪᠠᠷᠢᠨ ᠪᠠᠶᠢᠴᠠᠭᠠᠵᠤ ᠪᠠᠷᠢᠨ ᠥᠭᠡᠷᠡᠴᠢᠯᠡᠬᠦ︾ ᠵᠠᠷᠴᠢᠮ ᠶᠣᠰᠣᠭᠠᠷ᠂ ᠬᠦᠴᠦᠨ ᠢᠶᠠᠨ ᠦᠳᠲᠡᠷ ᠲᠦᠷᠭᠡᠨ ᠵᠣᠬᠢᠶᠠᠨ ᠪᠠᠶᠢᠭᠤᠯᠵᠤ ᠵᠠᠰᠠᠨ ᠰᠡᠷᠭᠦᠭᠡᠬᠦ ᠪᠠ ᠴᠡᠭᠴᠡᠯᠡᠨ ᠰᠠᠶᠢᠵᠢᠷᠠᠭᠤᠯᠪᠠ᠃ ᠡᠭᠦᠨ ᠤ ᠬᠠᠮᠲᠤ᠂ ᠪᠠᠴᠢᠮ ᠪᠠᠶᠢᠳᠠᠯ ᠢ ᠠᠷᠭᠠᠴᠠᠬᠤ ᠨᠠᠷᠢᠨ ᠲᠣᠳᠣᠷᠬᠠᠶ ᠪᠡᠯᠡᠳᠬᠡᠯ ᠲᠥᠰᠦᠯ ᠢ ᠲᠡᠭᠦᠯᠳᠡᠷᠵᠢᠭᠦᠯᠦᠭᠰᠡᠨ ᠤ ᠬᠠᠮᠲᠤ ᠲᠤᠰᠬᠠᠶ ᠬᠥᠮᠦᠨ ᠲᠣᠬᠢᠷᠠᠭᠤᠯᠤᠨ ᠨᠢᠭᠲᠠ ᠬᠢᠨᠠᠨ ᠬᠡᠮᠵᠢᠯᠲᠡ ᠬᠢᠭᠰᠡᠨ ᠪᠠᠶᠢᠨ᠎ᠠ᠃    ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠠᠪᠤᠴᠠ ᠳᠤ᠂ ᠬᠠᠮᠢᠶᠠᠷᠴᠤ ᠬᠠᠮᠠᠭᠠᠯᠠᠬᠤ ᠲᠥᠪ ᠠᠴᠠ ᠲᠡᠷᠢᠭᠦᠨ ᠤ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠬᠦ ᠶᠢ ᠴᠢᠬᠤᠯᠠᠴᠢᠯᠠᠵᠤ᠂ ᠵᠢᠯᠣᠭᠤᠴᠢ ᠥᠬᠡᠶ ᠨᠢᠰᠬᠡᠯ ᠢᠶᠠᠷ ᠲᠣᠭᠤᠷᠢᠨ ᠪᠠᠶᠢᠴᠠᠭᠠᠬᠤ᠂ ᠣᠶᠤᠨᠴᠢ ᠬᠢᠨᠠᠨ ᠬᠡᠮᠵᠢᠬᠦ ᠲᠥᠬᠦᠭᠡᠷᠦᠮᠵᠢ ᠵᠡᠷᠭᠡ ᠶᠢ ᠨᠠᠷᠢᠪᠴᠢᠯᠠᠨ ᠪᠠᠶᠢᠴᠠᠭᠠᠬᠤ ᠠᠵᠢᠯ ᠤᠨ ᠦᠷ᠎ᠡ ᠪᠦᠲᠦᠮᠵᠢ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠪᠡ᠃ ᠡᠭᠦᠨ ᠤ ᠬᠠᠮᠲᠤ᠂ ᠲᠥᠪ ᠨᠢ ᠴᠠᠭ ᠠᠭᠤᠷ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠵᠦ᠂ ᠰᠢᠨᠵᠢᠯᠡᠬᠦ ᠤᠬᠠᠭᠠᠨᠴᠢ ᠪᠠᠷ  ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠲᠡᠶ ᠳᠡᠮᠵᠢᠯᠭᠡ  ᠬᠠᠩᠭᠠᠪᠠ᠃    ᠲᠣᠰ ᠤᠳᠠᠭᠠᠨ ᠤ ᠦᠶᠡᠷ ᠤᠨ ᠬᠤᠭᠤᠴᠠᠭᠠᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢᠶᠠᠷ ᠳᠡᠮᠵᠢᠨ᠂ ᠠᠤᠬᠠᠨ ᠬᠤᠰᠢᠭᠤᠨ ᠤ ᠤᠰᠤᠨ ᠴᠥᠭᠦᠷᠥᠮ ᠤᠨ ᠤᠰᠤᠯᠠᠯᠲᠠ ᠶᠢᠨ ᠣᠷᠣᠨ ᠤ ᠬᠠᠮᠢᠶᠠᠷᠴᠤ ᠬᠠᠮᠠᠭᠠᠯᠠᠬᠤ ᠲᠥᠪ ᠠᠴᠠ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号