ᠠᠤᠬᠠᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠦᠯᠡᠳᠡᠭᠳᠡᠯ ᠬᠦᠳᠡᠷ ᠤᠨ ᠬᠥᠮᠥᠷᠭᠡ ᠶᠢᠨ ᠦᠶᠡᠷ ᠤᠨ ᠬᠤᠭᠤᠴᠠᠭ᠎ᠠ ᠶᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/8/21
    ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠶᠢᠷ᠎ᠠ ᠶᠢᠨ ᠬᠤᠭᠤᠴᠠᠭᠠᠨ ᠤ ᠲᠦᠢᠯ ᠤᠨ ᠰᠢᠷᠦᠭᠦᠨ ᠪᠣᠷᠣᠭᠠᠨ ᠤ ᠴᠠᠭ ᠠᠭᠤᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠪᠥᠬᠦ ᠬᠤᠰᠢᠭᠤᠨ ᠤ ᠠᠭᠤᠷᠬᠠᠶ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 19 ᠤ ᠡᠳᠦᠷ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠭᠤᠷᠬᠠᠶ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠳ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠪᠥᠬᠦ ᠬᠤᠰᠢᠭᠤᠨ ᠤ ᠭᠤᠤᠯᠳᠠᠯᠭ᠎ᠠ ᠲᠠᠢ ᠦᠯᠡᠳᠡᠭᠳᠡᠯ ᠬᠦᠳᠡᠷ ᠤᠨ ᠬᠥᠮᠥᠷᠭᠡ ᠳᠤ ᠲᠣᠭᠤᠷᠢᠨ ᠪᠠᠶᠢᠴᠠᠭᠠᠯᠲᠠ ᠥᠷᠨᠢᠭᠦᠯᠪᠡ᠃    ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠦᠯᠡᠳᠡᠭᠳᠡᠯ ᠬᠦᠳᠡᠷ ᠤᠨ ᠬᠥᠮᠥᠷᠭᠡ ᠶᠢᠨ ᠠᠵᠤ ᠠᠬᠤᠶᠢᠯᠠᠯ ᠤᠨ ᠵᠢᠵᠢᠭᠦᠷ ᠤᠨ ᠪᠠᠶᠢᠳᠠᠯ᠂ ᠬᠠᠰᠢᠯᠭ᠎ᠠ ᠶᠢᠨ ᠴᠣᠭᠴᠠ ᠵᠢᠴᠢ ᠦᠶᠡᠷ ᠢ ᠵᠠᠯᠠᠬᠤ ᠰᠢᠰᠲ᠋ᠧᠮ ᠵᠡᠷᠭᠡ ᠵᠠᠩᠭᠢᠯᠠᠭ᠎ᠠ ᠶᠢᠨ ᠬᠡᠰᠡᠭ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ᠂ ᠪᠠᠴᠢᠮ ᠪᠠᠶᠢᠳᠠᠯ ᠢ ᠠᠷᠭᠠᠴᠠᠬᠤ ᠵᠠᠮ ᠵᠡᠷᠭᠡ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠣᠯᠵᠤ ᠮᠡᠳᠡᠭᠰᠡᠨ ᠠᠰᠠᠭᠤᠳᠠᠯ ᠤᠨ ᠳᠠᠯᠳᠠ ᠬᠡᠮ ᠢ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠲᠡᠷᠡ ᠳᠠᠷᠤᠶ ᠳᠤᠨᠢ ᠴᠡᠭᠴᠡᠯᠡᠨ ᠰᠠᠶᠢᠵᠢᠷᠠᠭᠤᠯᠪᠠ᠃    ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠰᠢᠶᠠᠩ ᠵᠦᠸᠧ  ᠠᠴᠠ᠂ ᠮᠠᠨ ᠤ ᠬᠤᠰᠢᠭᠤ ᠣᠲᠣ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠪᠠᠶᠢᠳᠠᠯ ᠲᠦᠢᠯ ᠤᠨ ᠬᠦᠨᠳᠦ ᠨᠣᠴᠢᠲᠠᠶ ᠪᠠᠶᠢᠨ᠎ᠠ᠂ ᠡᠯ᠎ᠡ ᠠᠭᠤᠷᠬᠠᠶ ᠶᠢᠨ ᠠᠵᠤ ᠠᠬᠤᠶᠢᠯᠠᠯ ᠨᠢᠭᠡ ᠳᠤ ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠬᠡᠷᠡᠮ᠂ ᠬᠠᠰᠢᠯᠭ᠎ᠠ ᠰᠡᠲᠡᠯᠬᠦ ᠵᠡᠷᠭᠡ ᠠᠳᠡᠯ ᠢ ᠡᠷᠡᠰ ᠬᠤᠷᠢᠭᠯᠠᠵᠤ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ᠃ ᠬᠤᠶᠠᠷ ᠲᠤ᠂ ᠦᠶᠡᠷ ᠤᠨ ᠬᠤᠭᠤᠴᠠᠭᠠᠨ ᠤ ᠦᠯᠡᠳᠡᠭᠳᠡᠯ ᠬᠦᠳᠡᠷ ᠤᠨ ᠬᠥᠮᠥᠷᠭᠡ ᠶᠢᠨ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠦᠶᠡᠷ ᠤᠨ ᠬᠤᠭᠤᠴᠠᠭᠠᠨ ᠤ 24 ᠴᠠᠭ ᠢᠶᠠᠷ ᠵᠢᠵᠢᠭᠦᠷᠯᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ 24 ᠴᠠᠭ ᠢᠶᠠᠷ ᠬᠢᠨᠠᠨ ᠬᠡᠮᠵᠢᠵᠦ ᠬᠢᠨᠠᠨ ᠡᠵᠡᠮᠳᠡᠬᠦ ᠪᠠ ᠵᠢᠵᠢᠭᠦᠷᠯᠡᠨ ᠰᠠᠬᠢᠬᠤ ᠶᠢ ᠬᠡᠷᠡᠭᠵᠢᠭᠦᠯᠵᠦ᠂ ᠭᠡᠮ ᠰᠣᠭᠤᠭ ᠪᠠ ᠲᠦᠭᠰᠢᠭᠦᠷᠢᠲᠦ ᠪᠠᠶᠢᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠪᠦᠲᠦᠮᠵᠢᠲᠡᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠭᠤᠷᠪᠠ ᠳᠤ᠂ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ 24 ᠴᠠᠭ ᠢᠶᠠᠷ ᠲᠤᠰᠬᠠᠶ ᠬᠥᠮᠦᠨ ᠲᠠᠰᠤᠷᠠᠯᠲᠠ ᠥᠬᠡᠶ ᠵᠢᠵᠢᠭᠦᠷᠯᠡᠨ ᠰᠠᠬᠢᠵᠤ ᠲᠣᠭᠤᠷᠢᠨ ᠪᠠᠶᠢᠴᠠᠭᠠᠬᠤ ᠶᠢ ᠴᠢᠩᠭ᠎ᠠ ᠬᠡᠷᠡᠭᠵᠢᠭᠦᠯᠵᠦ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠬᠠᠰᠢᠯᠭ᠎ᠠ᠂ ᠦᠶᠡᠷ ᠵᠠᠯᠠᠬᠤ ᠰᠢᠰᠲ᠋ᠧᠮ ᠵᠡᠷᠭᠡ ᠭᠤᠤᠯᠳᠠᠯᠭ᠎ᠠ ᠲᠠᠢ ᠬᠡᠰᠡᠭ ᠤᠨ ᠪᠠᠶᠢᠴᠠᠭᠠᠯᠲᠠ ᠶᠢ ᠴᠢᠩᠭᠠᠳᠬᠠᠵᠤ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠦᠶᠡᠷ ᠠᠴᠠ ᠡᠮᠦᠨᠡᠬᠢ ᠦᠶᠡᠷ ᠤᠨ ᠳᠠᠷᠠᠭᠠᠬᠢ ᠠᠮᠤᠷ ᠲᠦᠪᠰᠢᠨ ᠤ ᠪᠠᠶᠢᠴᠠᠭᠠᠯᠲᠠ ᠶᠢ ᠨᠠᠷᠢᠨ ᠨᠢᠮᠪᠠᠶ ᠥᠷᠨᠢᠭᠦᠯᠬᠦ ᠬᠡᠷᠡᠭᠲᠡᠶ᠃ ᠲᠦᠷᠪᠡ ᠳᠤ᠂ ᠲᠦᠢᠯ ᠤᠨ ᠴᠠᠭ ᠠᠭᠤᠷ  ᠭᠠᠷᠬᠤ ᠦᠶ᠎ᠡ ᠳᠤ ᠬᠥᠮᠦᠨ ᠢ ᠤᠬᠤᠷᠢᠭᠤᠯᠬᠤ ᠲᠦᠷᠢᠮ ᠢ ᠨᠠᠶᠢᠳᠠᠪᠤᠷᠢᠵᠢᠭᠤᠯᠵᠤ᠂ ᠪᠣᠷᠣᠭᠠᠨ ᠤ ᠪᠠᠶᠢᠳᠠᠯ ᠢ ᠨᠢᠭᠲᠠ ᠠᠩᠬᠠᠷᠴᠤ᠂ ᠠᠳᠡᠯ ᠤᠨ ᠰᠢᠨᠵᠢ ᠲᠡᠮᠳᠡᠭ ᠢ ᠣᠯᠵᠤ ᠮᠡᠳᠡᠪᠡᠯ ᠴᠠᠭ ᠲᠤᠬᠠᠢ ᠳᠤᠨᠢ ᠦᠢᠯᠡᠳᠪᠦᠷᠢᠯᠡᠯ ᠢᠶᠠᠨ ᠵᠣᠭᠰᠣᠭᠠᠵᠤ ᠬᠥᠮᠦᠨ ᠢ ᠤᠬᠤᠷᠢᠭᠤᠯᠬᠤ ᠬᠡᠷᠡᠭᠲᠡᠢ  ᠭᠡᠵᠦ ᠵᠢᠭᠠᠨ ᠭᠠᠷᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号