ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠬᠢᠨ ᠮᠠᠨ ᠤ ᠬᠤᠰᠢᠭᠤᠨ ᠳᠤ ᠢᠷᠡᠵᠦ ᠦᠶᠡᠷ ᠲᠠᠢ ᠲᠡᠮᠡᠴᠡᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/21
        ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠰᠢ᠂ ᠮᠠᠨ ᠤ  ᠬᠤᠰᠢᠭᠤᠨ ᠳᠤ ᠣᠯᠠᠨ ᠤᠳᠠᠭ᠎ᠠ ᠰᠢᠷᠦᠭᠦᠨ ᠪᠣᠷᠣᠭᠠᠨ ᠣᠷᠣᠵᠤ᠂ ᠬᠡᠰᠡᠭ ᠭᠠᠵᠠᠷ ᠣᠷᠣᠨ ᠳᠤ ᠭᠠᠮᠰᠢᠭ ᠤᠨ ᠪᠠᠶᠢᠳᠠᠯ ᠢᠯᠡᠷᠡᠪᠡ᠃ 8 ᠰᠠᠷ᠎ᠠ ᠶᠢᠨ 20 ᠤ ᠡᠳᠦᠷ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠳᠡᠳ᠋ ᠲᠡᠷᠢᠭᠦᠯᠡᠭᠴᠢ ᠯᠢ ᠵᠢᠶᠧ ᠨᠠᠷ ᠮᠠᠨ ᠤ ᠬᠤᠰᠢᠭᠤᠨ ᠳᠤ ᠢᠷᠡᠵᠦ ᠦᠶᠡᠷ ᠲᠠᠢ ᠲᠡᠮᠡᠴᠡᠨ ᠲᠣᠬᠤᠨᠢᠭᠤᠯᠬᠤ ᠠᠵᠢᠯᠯᠠᠭ᠎ᠠ ᠥᠷᠨᠢᠭᠦᠯᠦᠭᠰᠡᠨ ᠪᠥᠭᠡᠳ ᠦᠶᠡᠷ ᠲᠠᠢ ᠲᠡᠮᠡᠴᠡᠨ ᠲᠣᠬᠤᠨᠢᠭᠤᠯᠬᠤ ᠮᠥᠩᠭᠦ 30 ᠲᠦᠮᠡᠨ ᠲᠥᠭᠦᠷᠢᠭ  ᠬᠦᠷᠭᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠴᠢ ᠬᠠᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠷᠧᠨ ᠸᠧᠶ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠵᠠᠶ᠃
 C:\Users\Administrator\Desktop\1.jpg
   ᠵᠠᠩ ᠴᠢ ᠬᠠᠩ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠢ ᠲᠥᠯᠥᠭᠡᠯᠡᠨ ᠤᠯᠠᠭᠠᠨᠬᠠᠳᠠ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠬᠠᠯᠠᠮᠵᠢᠯᠠᠯ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠵᠠᠩ ᠴᠢ ᠬᠠᠩ ᠠᠴᠠ᠂ ᠡᠨᠡ ᠬᠦ ᠲᠣᠬᠤᠨᠢᠭᠤᠯᠬᠤ ᠮᠥᠩᠭᠦ  ᠨᠢ  ᠳᠠᠭᠠᠷᠠᠭᠰᠠᠨ ᠬᠦᠮᠦᠨ ᠳᠤ ᠲᠠᠬᠤ ᠬᠦᠷᠭᠡᠵᠦ᠂ ᠠᠤᠬᠠᠨ ᠤ ᠦᠶᠡᠷ ᠢ ᠰᠡᠷᠭᠡᠶᠢᠯᠡᠬᠦ ᠠᠵᠢᠯ ᠳᠤ ᠲᠦᠢᠯ ᠤᠨ ᠶᠡᠭᠡ ᠬᠠᠪᠰᠤᠷᠤᠯᠭ᠎ᠠ ᠦᠵᠡᠭᠦᠯᠪᠡ  ᠭᠡᠵᠦ ᠢᠯᠡᠷᠬᠡᠶᠢᠯᠡᠪᠡ᠃
 C:\Users\Administrator\Desktop\2.jpg
   ᠯᠢ ᠵᠢᠶᠧ ᠠᠴᠠ᠂ ᠤᠯᠠᠭᠠᠨᠬᠠᠳᠠ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠥᠩᠭᠡᠷᠡᠭᠰᠡᠨ ᠲᠠᠢ ᠪᠠᠨ ᠠᠳᠠᠯᠢ ᠪᠠᠷ ᠦᠶᠡᠷ ᠲᠠᠢ ᠲᠡᠮᠡᠴᠡᠬᠦ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠢ ᠬᠠᠯᠠᠮᠵᠢᠯᠠᠨ ᠬᠠᠶᠢᠷᠠᠯᠠᠵᠤ᠂ ᠠᠵᠢᠯᠴᠢᠨ ᠤ ᠡᠪᠯᠡᠯ ᠤᠨ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠨ᠂ ᠪᠣᠳᠠᠲᠤ ᠠᠵᠢᠯᠯᠠᠭ᠎ᠠ ᠪᠠᠷ ᠢᠶᠠᠨ ᠠᠤᠬᠠᠨ ᠲᠠᠢ ᠭᠠᠷ ᠬᠤᠯᠪᠣᠨ ᠵᠡᠷᠭᠡᠪᠡᠷ ᠤᠷᠤᠭᠰᠢᠯᠠᠵᠤ᠂ ᠬᠦᠴᠢᠷ ᠪᠣᠭᠤᠮᠲᠠ ᠶᠢ ᠬᠠᠮᠲᠤ ᠪᠠᠷ ᠭᠡᠲᠦᠯᠦᠨ᠎ᠡ ᠭᠡᠵᠦ  ᠵᠢᠭᠠᠨ ᠭᠠᠷᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号