ᠠᠤᠬᠠᠨ ᠬᠤᠰᠢᠭᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠨᠠᠷᠢᠨ ᠲᠦᠷᠢᠮ ᠤᠨ ᠲᠠᠶᠢᠯᠤᠮᠵᠢ
ᠨᠡᠶᠢᠲᠡᠯᠡᠭᠰᠡᠨ ᠴᠠᠭ᠄
2024/8/22
       ᠠᠤᠬᠠᠨ ᠬᠤᠰᠢᠭᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠨᠠᠷᠢᠨ ᠲᠦᠷᠢᠮ ᠤᠨ ᠲᠠᠶᠢᠯᠤᠮᠵᠢ    ᠨᠢᠭᠡ᠂ ᠠᠬᠤᠶ ᠪᠠᠶᠢᠳᠠᠯ ᠤᠨ ᠦᠨᠳᠦᠰᠦᠯᠡᠯ    ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠵᠤ᠂ ᠪᠢᠴᠢᠭ ᠮᠠᠲ᠋ᠧᠷᠢᠶᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠤᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 209 ᠳ᠋ᠤᠭᠡᠷ ᠲᠣᠭᠠᠲᠤ︶᠂ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠤᠯᠠᠭᠠᠨᠬᠠᠳᠠ ᠵᠠᠰᠠᠭ ᠲᠠᠷᠬᠠᠭᠠᠭᠰᠠᠨ ︹2017︺ 83 ᠳ᠋ᠤᠭᠠᠷ ᠲᠣᠭᠠᠲᠤ︶᠂ ︽ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠠᠣᠬᠠᠨ ᠵᠠᠰᠠᠭ ᠲᠠᠷᠬᠠᠭᠠᠭᠰᠠᠨ ︹2018︺ 22 ᠳ᠋ᠤᠭᠠᠷ ᠲᠣᠭᠠᠲᠤ︶ ᠵᠡᠷᠭᠡ ᠶᠢ ᠦᠨᠳᠦᠰᠦᠯᠡᠨ᠂ ᠪᠥᠬᠦ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠨᠠᠷᠢᠨ ᠲᠦᠷᠢᠮ ᠢ ᠲᠣᠭᠲᠠᠭᠠᠪᠠ᠃    ᠬᠤᠶᠠᠷ᠂ ᠬᠢᠨᠠᠨ ᠬᠠᠷᠭᠤᠭᠤᠯᠬᠤ  ᠨᠢᠭᠡᠴᠡ    ᠬᠤᠰᠢᠭᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠠᠷ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠯᠭᠡᠬᠦ ᠬᠡᠷᠡᠭᠲᠡᠶ᠃    ᠭᠤᠷᠪᠠ᠂ ᠬᠢᠨᠠᠨ ᠬᠠᠷᠭᠤᠭᠤᠯᠬᠤ ᠠᠭᠤᠯᠭ᠎ᠠ    ᠵᠠᠰᠠᠭ ᠤᠨ ᠣᠷᠳᠣᠨ ᠤ ᠠᠯᠪᠠᠨ ᠬᠡᠷ ᠠᠴᠠ ᠲᠤᠭᠤᠷᠪᠢᠨ ᠪᠢᠴᠢᠬᠦ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠭᠰᠡᠨ ᠬᠤᠰᠢᠭᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠥᠬᠦᠶ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ᠂ ᠭᠤᠤᠯ ᠠᠭᠤᠯᠭ᠎ᠠ ᠳᠤ᠄    ︵ᠨᠢᠭᠡ︶ ᠲᠣᠭᠲᠠᠭᠰᠠᠨ ᠶᠠᠪᠤᠴᠠ ᠶᠢ ᠴᠢᠩᠭ᠎ᠠ ᠵᠢᠷᠤᠮᠯᠠᠨ  ᠲᠤᠭᠤᠷᠪᠢᠭᠰᠠᠨ ᠡᠰᠡᠬᠦ︔    ︵ᠬᠤᠶᠠᠷ︶ ᠪᠢᠴᠢᠭ ᠮᠠᠲ᠋ᠧᠷᠢᠶᠠᠯ ᠤᠨ ᠲᠤᠭᠤᠷᠪᠢᠭᠰᠠᠨ ᠲᠣᠳᠣᠷᠬᠠᠶᠢᠯᠠᠯᠲᠠ ᠶᠢ ᠬᠠᠩᠭᠠᠭᠰᠠᠨ ᠡᠰᠡᠬᠦ᠂ ᠰᠠᠨᠠᠯ ᠬᠤᠷᠢᠶᠠᠭᠰᠠᠨ ᠪᠠ ᠭᠥᠯᠢᠶᠡᠨ ᠠᠪᠤᠭᠰᠠᠨ ᠪᠠᠶᠢᠳᠠᠯ︔    ︵ᠭᠤᠷᠪᠠ︶ ᠨᠤᠲᠠᠯᠠᠬᠤ᠂ ᠭᠡᠷᠡᠴᠢᠯᠡᠭᠡ ᠰᠣᠨᠣᠰᠬᠤ᠂ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠴᠢᠬᠤᠯᠠᠲᠠᠶ ᠂ ᠨᠤᠲᠠᠯᠠᠬᠤ᠂ ᠭᠡᠷᠡᠴᠢᠯᠡᠭᠡ ᠰᠣᠨᠣᠰᠬᠤ᠂ ᠲᠦᠭᠰᠢᠭᠦᠷᠢ ᠶᠢ ᠦᠨᠡᠯᠡᠨ ᠵᠢᠱᠢᠬᠦ ᠮᠠᠲ᠋ᠧᠷᠢᠶᠠᠯ ᠢ ᠬᠠᠩᠭᠠᠬᠤ ᠡᠰᠡᠬᠦ︔    ︵ᠲᠦᠷᠪᠡ︶ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠰᠠᠨᠠᠯ ᠪᠠ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠲᠣᠳᠣᠷᠬᠠᠶᠢᠯᠠᠯᠲᠠ ᠶᠢ ᠬᠠᠩᠭᠠᠭᠰᠠᠨ ᠡᠰᠡᠬᠦ᠂ ᠭᠤᠤᠯ ᠪᠣᠯᠬᠤ ᠬᠠᠤᠯᠢ ᠳᠤ ᠬᠤᠯᠪᠣᠭᠳᠠᠭᠰᠠᠨ ᠠᠭᠤᠯᠭ᠎ᠠ ᠳᠤ ᠲᠣᠳᠣᠷᠬᠠᠶᠢᠯᠠᠯᠲᠠ ᠬᠢᠭᠰᠡᠨ ᠡᠰᠡᠬᠦ᠃    ᠳᠥᠷᠪᠡ᠂ ᠬᠢᠨᠠᠨ ᠬᠠᠷᠭᠤᠭᠤᠯᠬᠤ ᠴᠠᠭ ᠬᠤᠭᠤᠴᠠᠭ᠎ᠠ    ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠤᠰᠢᠭᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠳᠤ ᠳᠣᠤᠷᠠᠬᠢ ᠴᠠᠭ ᠤᠨ ᠬᠢᠵᠠᠭᠠᠷ ᠤᠨ ᠲᠣᠭᠲᠠᠭᠠᠯ ᠢ ᠵᠢᠷᠤᠮᠯᠠᠬᠤ ᠬᠡᠷᠡᠭᠲᠡᠶ᠄    ︵ᠨᠢᠭᠡ︶ ᠡᠩ ᠤᠨ ᠪᠢᠴᠢᠭ ᠮᠠᠲ᠋ᠧᠷᠢᠶᠠᠯ ᠢ 10 ᠠᠵᠢᠯᠯᠠᠬᠤ ᠡᠳᠦᠷ ᠤᠨ ᠳᠣᠲᠣᠷ᠎ᠠ ᠳᠠᠭᠤᠰᠬᠠᠬᠤ ᠬᠡᠷᠡᠭᠲᠡᠶ᠃    ︵ᠬᠤᠶᠠᠷ︶ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ᠂ ᠬᠠᠤᠯᠢ ᠴᠠᠭᠠᠵᠠ ᠶᠢᠨ ᠬᠠᠷᠢᠴᠠᠭ᠎ᠠ ᠨᠢ ᠪᠤᠳᠤᠯᠢᠶᠠᠨᠲᠠᠢ ᠬᠦᠴᠢᠷ ᠲᠦᠪᠡᠭᠲᠡᠢ ᠪᠢᠴᠢᠭ ᠮᠠᠲ᠋ᠧᠷᠢᠶᠠᠯ ᠢ 20 ᠠᠵᠢᠯᠯᠠᠬᠤ ᠡᠳᠦᠷ ᠤᠨ ᠳᠣᠲᠣᠷ᠎ᠠ ᠳᠠᠭᠤᠰᠬᠠᠬᠤ ᠬᠡᠷᠡᠭᠲᠡᠢ︔    ︵ᠭᠤᠷᠪᠠ︶ ᠶᠠᠭᠠᠷᠠᠤ ᠪᠢᠴᠢᠭ ᠮᠠᠲ᠋ᠧᠷᠢᠶᠠᠯ ᠢ ᠤᠳᠤᠷᠢᠳᠤᠯᠭ᠎ᠠ ᠶᠢᠨ ᠴᠣᠬᠤᠯᠠᠪᠤᠷᠢ ᠶᠢᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠪᠡᠶᠡᠯᠡᠭᠦᠯᠬᠦ ᠬᠡᠷᠡᠭᠲᠡᠶ᠃    ᠲᠠᠪᠤ᠂ ᠬᠢᠨᠠᠨ ᠬᠠᠷᠭᠤᠭᠤᠯᠬᠤ ᠵᠦᠢᠯᠡᠰ    ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠤᠰᠢᠭᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠳᠣᠤᠷᠠᠬᠢ ᠮᠡᠲᠦ ᠵᠦᠢᠯᠡᠰ ᠢ ᠬᠢᠨᠠᠨ ᠪᠠᠶᠢᠴᠠᠭᠠᠬᠤ ᠬᠡᠷᠡᠭᠲᠡᠶ᠄    ︵ᠨᠢᠭᠡ︶ ᠬᠠᠤᠯᠢ ᠳᠤ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠳᠤ ᠨᠡᠶᠢᠴᠡᠬᠦ ᠡᠰᠡᠬᠦ ︔    ︵ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠯᠤᠭ᠎ᠠ ᠬᠠᠷᠢᠯᠴᠠᠨ ᠬᠠᠷᠰᠢᠯᠳᠤᠭᠰᠠᠨ ᠡᠰᠡᠬᠦ︔    ︵ᠭᠤᠷᠪᠠ︶ ︽ᠠᠤᠬᠠᠨ ᠬᠤᠰᠢᠭᠤᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ᠪᠤᠶᠤ ︽ᠠᠤᠬᠠᠨ ᠬᠤᠰᠢᠭᠤᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠤᠨ ᠲᠠᠰ ᠳᠠᠷᠠᠭᠠᠯᠠᠯ ᠳᠤ ᠨᠡᠶᠢᠴᠡᠬᠦ ᠡᠰᠡᠬᠦ ︔    ︵ᠲᠦᠷᠪᠡ︶ ᠭᠤᠣᠯ ᠠᠭᠤᠯᠭ᠎ᠠ ᠨᠢ ᠵᠣᠬᠢᠰᠲᠠᠢ ᠡᠰᠡᠬᠦ︔    ︵ᠲᠠᠪᠤ︶ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠡᠷᠡ ᠬᠡᠪ ᠢᠶᠠᠷ ᠨᠢ ᠬᠠᠭᠤᠯᠵᠤ ᠨᠡᠭᠦᠯᠭᠡᠨ ᠰᠢᠯᠵᠢᠭᠦᠯᠦᠭᠰᠡᠨ ᠡᠰᠡᠬᠦ ︔    ︵ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠪᠤᠰᠤᠳ ᠪᠢᠴᠢᠭ ᠮᠠᠲ᠋ᠧᠷᠢᠶᠠᠯ ᠲᠠᠢ ᠬᠠᠷᠰᠢᠯᠳᠤᠭᠰᠠᠨ ᠡᠰᠡᠬᠦ︔    ︵ᠳᠤᠯᠤᠭ᠎ᠠ︶ ᠪᠤᠰᠤᠳ ᠬᠢᠨᠠᠨ ᠪᠠᠶᠢᠴᠠᠭᠠᠬᠤ ᠴᠢᠬᠤᠯᠠ ᠲᠠᠢ ᠵᠦᠢᠯ ︔     ᠬᠤᠯᠪᠤᠭᠳᠠᠯ ᠪᠦᠬᠦᠢ  ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ  ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号