ᠠᠤᠬᠠᠨ ᠬᠤᠰᠢᠭᠤ ᠭᠤᠤᠯᠳᠠᠯᠭ᠎ᠠ ᠲᠠᠢ ᠬᠦᠷᠢᠶᠡᠨ ᠳᠠᠬᠢ ᠢᠲᠡᠭᠡᠯ ᠠᠯᠳᠠᠭᠰᠠᠳ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/8/22
        ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠤᠬᠠᠨ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠪᠦᠷᠢᠯᠳᠦᠬᠦᠨ ᠨᠢᠭᠡᠴᠡ ᠭᠤᠤᠯᠳᠠᠯᠭ᠎ᠠ ᠲᠠᠢ ᠬᠦᠷᠢᠶᠡᠨ ᠳᠠᠬᠢ ᠢᠲᠡᠭᠡᠯ ᠠᠯᠳᠠᠭᠰᠠᠳ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠢᠳᠡᠪᠬᠢᠲᠡᠶ ᠥᠷᠨᠢᠭᠦᠯᠪᠡ᠃ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠵᠡᠷᠭᠡ 10 ᠨᠢᠭᠡᠴᠡ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠴᠠᠷᠠᠭ᠎ᠠ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠦᠷᠢᠶ᠎ᠡ ᠴᠠᠷᠠᠭ᠎ᠠ᠂ ᠠᠮᠤ ᠪᠤᠳᠠᠭᠠᠨ ᠤ ᠠᠮᠤᠷ ᠲᠦᠪᠰᠢᠨ ᠤ ᠬᠦᠷᠢᠶ᠎ᠡ᠂ ᠠᠶᠤᠯᠭᠦᠶ ᠦᠢᠯᠡᠳᠪᠦᠷᠢᠯᠡᠯ ᠤᠨ ᠬᠦᠷᠢᠶ᠎ᠡ ᠵᠡᠷᠭᠡ 15 ᠭᠤᠤᠯᠳᠠᠯᠭ᠎ᠠ ᠲᠠᠢ ᠬᠦᠷᠢᠶᠡᠨ ᠳᠤ ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠡᠯ᠎ᠡ ᠬᠦᠷᠢᠶ᠎ᠡ ᠴᠠᠷᠠᠭ᠎ᠠ ᠳᠠᠬᠢ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠪᠠᠶᠢᠳᠠᠯ ᠳᠤ ᠬᠦᠴᠦᠲᠡᠶ ᠴᠣᠬᠢᠯᠲᠠ ᠥᠭᠴᠦ᠂ ᠮᠠᠨ ᠤ ᠬᠤᠰᠢᠭᠤᠨ ᠤ ᠡᠷᠬᠡ ᠲᠡᠭᠰᠢ ᠦᠨᠡᠨᠴᠢ ᠢᠲᠡᠭᠡᠮᠵᠢᠲᠡᠶ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号