ᠰᠢᠨ ᠾᠦᠢ ᠪᠠᠯᠭᠠᠰᠤ᠄ ︽ᠭᠤᠷᠪᠠᠨ  ᠫᠠᠶᠢᠰᠠ︾  ᠶᠢ ᠰᠠᠶᠢᠲᠤᠷ ᠬᠢᠵᠦ ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/8/23
         ᠬᠥᠳᠡᠭᠡ ᠲᠣᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠰᠢᠨ ᠾᠦᠢ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠠᠮᠤᠷ ᠲᠦᠪᠰᠢᠨ᠂ ᠡᠮᠬᠢ ᠵᠢᠷᠤᠮ ᠲᠠᠢ᠂ ᠪᠣᠯᠪᠠᠰᠤᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠬᠤ ᠪᠠᠷ ᠬᠦᠴᠦᠯᠡᠨ ᠴᠢᠷᠮᠠᠶᠢᠵᠤ᠂ ᠥᠷᠭᠡᠨ ᠣᠯᠠᠨ ᠲᠦᠮᠡᠨ ᠤ ᠶᠠᠪᠤᠵᠤ ᠰᠠᠭᠤᠬᠤ ᠳᠤ ᠪᠥᠬᠦ ᠲᠠᠯ᠎ᠠ ᠶᠢᠨ ᠪᠠᠲᠤᠯᠠᠭ᠎ᠠ ᠬᠠᠩᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ᠃    ︽ᠤᠬᠠᠭᠤᠯᠭ᠎ᠠ ᠶᠢᠨ ᠫᠠᠶᠢᠰᠠ︾ ᠶᠢ ᠰᠠᠶᠢᠲᠤᠷ ᠬᠢᠵᠦ᠂ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠎ᠡ᠃ ᠸᠢᠴᠠᠲ ᠤᠨ ᠪᠦᠯᠦᠭ᠂ ᠲᠣᠰᠬᠤᠨ ᠪᠦᠷᠢ ᠳᠤ ᠳᠠᠭᠤᠷᠢᠰᠬᠠᠬᠤ᠂ ᠤᠬᠠᠭᠤᠯᠭ᠎ᠠ ᠶᠢᠨ ᠰᠠᠮᠪᠠᠷ᠎ᠠ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠵᠡᠷᠭᠡ ᠶᠢ ᠭᠦᠢᠴᠡᠳ ᠠᠰᠢᠭᠯᠠᠨ᠂  ᠶᠠᠳᠠᠷᠠᠭ᠎ᠠ ᠲᠠᠢ ᠪᠠᠷ ᠲᠡᠷᠭᠡ ᠵᠢᠯᠣᠭᠤᠳᠬᠤ᠂ ᠰᠣᠭᠲᠣᠭᠤ ᠪᠠᠷ ᠲᠡᠷᠭᠡ ᠵᠢᠯᠣᠭᠤᠳᠬᠤ᠂ ᠲᠠᠷᠢᠶᠠᠯᠠᠩ ᠳᠤ ᠬᠡᠷᠡᠭᠯᠡᠬᠦ ᠲᠡᠷᠭᠡ ᠶᠢᠨ ᠬᠠᠤᠯᠢ ᠠᠴᠠ ᠵᠥᠷᠢᠴᠡᠨ ᠬᠥᠮᠦᠨ ᠲᠡᠭᠡᠭᠡᠬᠦ ᠵᠡᠷᠭᠡ ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠵᠤ᠂ ᠥᠷᠭᠡᠨ ᠣᠯᠠᠨ ᠵᠠᠮ ᠬᠠᠷᠢᠯᠴᠠᠭᠠᠨ ᠤ ᠣᠷᠣᠯᠴᠠᠭᠰᠠᠳ ᠲᠤ ᠵᠠᠮ ᠬᠠᠷᠢᠯᠴᠠᠭᠠᠨ ᠤ ᠳᠦᠷᠢᠮ ᠢ ᠵᠢᠷᠤᠮᠯᠠᠬᠤ ᠶᠢ ᠰᠡᠷᠡᠮᠵᠢᠯᠡᠭᠦᠯᠬᠦ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ᠲᠡᠷᠭᠡ ᠵᠢᠯᠣᠭᠤᠳᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠥᠷᠭᠡᠨ ᠣᠯᠠᠨ ᠵᠠᠮ ᠬᠠᠷᠢᠯᠴᠠᠭᠠᠨ ᠤ ᠠᠵᠢᠯ ᠡᠷᠭᠢᠯᠡᠭᠰᠡᠳ ᠢ ᠬᠠᠪᠰᠤᠷᠤᠨ ᠲᠡᠷᠭᠡ ᠵᠢᠯᠣᠭᠤᠳᠬᠤ ᠶᠠᠪᠤᠴᠠ ᠳᠤ ᠪᠠᠶᠢᠩᠭᠤ ᠲᠣᠬᠢᠶᠠᠯᠳᠤᠳᠠᠭ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠤᠯᠠᠮ ᠨᠢᠭᠡ ᠠᠯᠬᠤᠮ ᠡᠵᠡᠮᠰᠢᠭᠦᠯᠵᠦ᠂ ᠵᠠᠮ ᠬᠠᠷᠢᠯᠴᠠᠭᠠᠨ ᠤ ᠥᠷᠭᠡᠨ ᠣᠯᠠᠨ ᠣᠷᠣᠯᠴᠠᠭᠰᠠᠳ ᠤᠨ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠪᠦᠲᠦᠮᠵᠢᠲᠡᠶ ᠨᠡᠮᠡᠭᠳᠡᠭᠦᠯᠪᠡ᠃ ᠣᠲᠣ ᠪᠣᠯᠲᠠᠯ᠎ᠠ᠂ ᠨᠢᠭᠡᠨᠲᠡ 2000 ᠭᠠᠷᠤᠶ ᠬᠤᠪᠢ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠮᠡᠳᠡᠭᠡ ᠵᠠᠩᠭᠢ ᠶᠢ 5000 ᠭᠠᠷᠤᠶ ᠵᠤᠷᠪᠤᠰ ᠳᠠᠮᠵᠢᠭᠤᠯᠤᠨ ᠬᠦᠷᠭᠡᠪᠡ᠃    ︽ᠵᠢᠭᠰᠠᠭᠠᠨ ᠪᠠᠶᠢᠴᠠᠭᠠᠬᠤ ᠫᠠᠶᠢᠰᠠ︾ ᠶᠢ ᠰᠠᠶᠢᠲᠤᠷ ᠬᠢᠵᠦ᠂ ᠣᠯᠠᠨ ᠲᠦᠮᠡᠨ ᠤ ᠵᠠᠮ ᠨᠡᠪᠲᠡᠷᠡᠯᠭᠡ ᠶᠢᠨ ᠠᠮᠤᠷ ᠲᠦᠪᠰᠢᠨ ᠢ ᠪᠠᠲᠤᠯᠠᠨ᠎ᠠ᠃ ᠪᠥᠬᠦ ᠪᠠᠯᠭᠠᠰᠤᠨ ᠤ ᠳᠡᠭᠡᠳᠦ ᠳᠣᠤᠷᠠᠳᠤ ᠱᠠᠲᠤᠨ ᠤ ᠬᠢᠨ ︽ᠳᠠᠯᠳᠠ ᠬᠡᠮ ᠪᠣᠯ ᠳᠠᠷᠤᠶ ᠠᠳᠡᠯ ᠮᠥᠨ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠵᠠᠮ ᠤᠨ ᠠᠮᠤᠷ ᠲᠦᠪᠰᠢᠨ ᠤ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠷᠢᠶᠠᠲᠤ ᠣᠷᠣᠨ ᠤ ᠳᠣᠲᠣᠷᠠᠬᠢ ᠣᠭᠵᠣᠮ ᠡᠷᠭᠢᠬᠦ᠂ ᠲᠡᠭᠰᠢ ᠵᠠᠮ ᠤᠨ ᠠᠭᠤᠯᠵᠠᠷ᠂ ᠤᠰᠤᠨ ᠳᠤ ᠡᠪᠳᠡᠭᠳᠡᠭᠰᠡᠨ ᠵᠠᠮ ᠵᠢᠴᠢ ᠠᠳᠡᠯ ᠠᠮᠠᠷᠬᠠᠨ ᠭᠠᠷᠬᠤ᠂ ᠣᠯᠠᠨ ᠭᠠᠷᠳᠠᠭ ᠵᠠᠮ ᠤᠨ ᠬᠡᠰᠡᠭ ᠵᠡᠷᠭᠡ ᠭᠠᠵᠠᠷ ᠲᠤ ᠭᠤᠤᠯᠳᠠᠯᠭ᠎ᠠ ᠲᠠᠢ ︽ᠬᠡᠪᠢᠰ ᠮᠠᠶ᠋ᠢᠭ︾ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠳᠠᠯᠳᠠ ᠬᠡᠮ ᠤᠨ ᠠᠰᠠᠭᠤᠳᠠᠯ ᠢ ᠨᠢᠭᠡᠳ ᠨᠢᠭᠡ ᠪᠠᠷ ᠴᠡᠭᠴᠡᠯᠡᠨ ᠵᠠᠰᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠢ ᠦᠨᠡᠨᠬᠦ ᠪᠠᠲᠤᠯᠠᠪᠠ᠃ ᠣᠲᠣ ᠪᠣᠯᠲᠠᠯ᠎ᠠ᠂ ᠨᠢᠭᠡᠨᠲᠡ 2 ᠡᠭᠡᠯᠵᠢ ᠶᠢᠨ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠰᠡᠷᠡᠮᠵᠢ ᠶᠢᠨ ᠲᠡᠮᠳᠡᠭ ᠳᠣᠲᠠᠭᠤ᠂ ᠵᠠᠮ ᠤᠨ ᠬᠤᠲᠣᠭᠤᠷ ᠭᠠᠵᠠᠷ ᠲᠡᠭᠰᠢ ᠪᠤᠰᠤ ᠪᠠᠶᠢᠬᠤ ᠳᠠᠯᠳᠠ ᠬᠡᠮ ᠢ ᠢᠯᠡᠷᠡᠭᠦᠯᠦᠭᠰᠡᠨ ᠪᠥᠭᠡᠳ ᠴᠡᠭᠴᠡᠯᠡᠨ ᠰᠠᠶᠢᠵᠢᠷᠠᠭᠤᠯᠪᠠ᠃    ︽ᠬᠠᠮᠢᠶᠠᠷᠤᠨ ᠡᠵᠡᠮᠳᠡᠬᠦ ᠫᠠᠶᠢᠰᠠ︾ ᠶᠢ ᠰᠠᠶᠢᠲᠤᠷ ᠲᠠᠯᠪᠢᠵᠤ᠂ ᠵᠠᠮ ᠳᠡᠭᠡᠷᠡᠬᠢ ᠬᠠᠮᠢᠶᠠᠷᠤᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ ︽ᠠᠳᠡᠯ ᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠰᠠᠭᠠᠳ ᠦᠭᠡᠢ ᠨᠡᠪᠲᠡᠷᠡᠬᠦ ᠶᠢ ᠠᠬᠢᠭᠤᠯᠬᠤ︾ ᠪᠠᠷ ᠬᠠᠷᠠᠯᠲᠠ ᠪᠣᠯᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠢᠳᠬᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠫᠠᠶᠢᠰᠠ ᠦᠭᠡᠢ ᠦᠨᠡᠮᠯᠡᠯ ᠦᠭᠡᠢ ᠲᠡᠷᠭᠡ ᠵᠢᠯᠣᠭᠤᠳᠬᠤ᠂ ᠲᠠᠷᠢᠶᠠᠯᠠᠩ ᠳᠤ ᠬᠡᠷᠡᠭᠯᠡᠬᠦ ᠲᠡᠷᠭᠡ ᠬᠠᠤᠯᠢ ᠠᠴᠠ ᠵᠥᠷᠢᠴᠡᠨ ᠬᠥᠮᠦᠨ ᠠᠴᠢᠶᠠᠯᠠᠬᠤ᠂ ᠮᠣᠲ᠋ᠣᠷ ᠲᠡᠷᠭᠡᠨ ᠳᠤ ᠰᠠᠭᠤᠬᠤ᠂ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠲᠤᠭᠤᠯᠠᠭ᠎ᠠ ᠵᠡᠭᠦᠬᠦ ᠦᠭᠡᠢ ᠵᠡᠷᠭᠡ ᠵᠠᠮ ᠬᠠᠷᠢᠯᠴᠠᠭᠠᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠬᠤᠯᠪᠣᠭᠳᠠᠬᠤ ᠬᠥᠮᠦᠰ ᠲᠤ ᠪᠣᠯᠪᠠᠰᠤᠨ ᠰᠠᠨᠠᠭᠤᠯᠤᠮᠵᠢ ᠪᠠ ᠢᠳᠬᠠᠨ ᠵᠠᠯᠠᠷᠠᠭᠤᠯᠵᠤ᠂ ᠵᠢᠯᠣᠭᠤᠴᠢ ᠶᠢᠨ ᠲᠡᠷᠭᠡᠨ ᠳᠤ ᠰᠠᠭᠤᠬᠤ ᠬᠥᠮᠦᠰ ᠲᠤ ᠬᠠᠨᠳᠤᠭᠤᠯᠤᠨ ᠠᠮᠤᠷ ᠲᠦᠪᠰᠢᠨ ᠤ ᠪᠦᠰᠡ ᠶᠢ ᠬᠡᠷᠡᠭᠯᠡᠬᠦ ᠪᠠ ᠳᠤᠭᠤᠯᠠᠭ᠎ᠠ ᠵᠡᠭᠦᠬᠦ ᠶᠢᠨ ᠴᠢᠬᠤᠯᠠ ᠴᠢᠨᠠᠷ ᠢ ᠤᠬᠠᠭᠤᠯᠵᠤ᠂ ᠲᠡᠷᠭᠡ ᠬᠥᠰᠬᠡ ᠶᠢᠨ ᠶᠠᠪᠤᠵᠤ ᠰᠠᠭᠤᠬᠤ ᠠᠮᠤᠷ ᠲᠦᠪᠰᠢᠨ ᠤ ᠪᠣᠭᠤᠮᠲᠠ ᠶᠢ ᠦᠨᠡᠨᠬᠦ ᠰᠠᠶᠢᠲᠤᠷ ᠠᠳᠬᠤᠵᠤ᠂ ᠵᠠᠮ ᠬᠠᠷᠢᠯᠴᠠᠭᠠᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠬᠡᠷᠡᠭᠲᠡᠶ᠃ ᠣᠲᠣ ᠪᠣᠯᠲᠠᠯ᠎ᠠ᠂ ᠠᠮᠤᠷ ᠲᠦᠪᠰᠢᠨ ᠤ ᠢᠳᠬᠠᠭᠴᠢ ᠶᠢ ᠨᠢᠭᠡᠨᠲᠡ 200 ᠭᠠᠷᠤᠶ ᠤᠳᠠᠭ᠎ᠠ ᠵᠣᠬᠢᠶᠠᠨ ᠪᠠᠶᠢᠭᠤᠯᠵᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ 50 ᠭᠠᠷᠤᠶ ᠤᠳᠠᠭ᠎ᠠ  ᠵᠠᠯᠠᠷᠠᠭᠤᠯᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号