ᠠᠤᠬᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2023 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ  ᠬᠤᠷᠠᠯᠳᠤᠪᠠ
ᠨᠡᠶᠢᠲᠡᠯᠡᠭᠰᠡᠨ ᠴᠠᠭ᠄
2024/8/23
       8 ᠰᠠᠷ᠎ᠠ ᠶᠢᠨ 22 ᠤᠨ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2023 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ  ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠧᠩ ᠶᠦᠨ ᠾᠦᠢ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠯᠢᠨ ᠵᠢᠶᠠ ᠬᠤᠷᠠᠯ ᠳᠤ ᠣᠷᠣᠯᠴᠠᠵᠠᠶ᠃
C:\Users\Administrator\Desktop\1.jpg
    ᠬᠤᠷᠠᠯ ᠳᠡᠭᠡᠷ᠎ᠡ᠂ ᠪᠦᠦ ᠯᠢᠨ ᠵᠢᠶᠠ ᠪᠥᠬᠦ ᠬᠤᠰᠢᠭᠤᠨ ᠤ ᠣᠷᠴᠢᠨ ᠲᠣᠭᠤᠷᠢᠨ ᠤ ᠶᠠᠰᠤ ᠴᠢᠨᠠᠷ᠂ ᠠᠵᠢᠯ ᠥᠷᠨᠢᠭᠦᠯᠦᠭᠰᠡᠨ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠡᠷᠭᠡ ᠬᠠᠮᠢᠶ᠎ᠠ ᠪᠥᠬᠦᠶ ᠪᠠᠶᠢᠳᠠᠯ ᠤᠨ ᠲᠣᠭᠤᠷᠢᠨ ᠳᠤ᠂ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠳᠣᠬᠠᠨ ᠤ ᠮᠠᠨ ᠤ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ᠃    ᠹᠧᠩ ᠶᠦᠨ ᠾᠦᠢ ᠮᠠᠨ ᠤ ᠬᠤᠰᠢᠭᠤᠨ ᠤ ᠣᠷᠴᠢᠨ ᠲᠣᠭᠤᠷᠢᠨ ᠤ ᠪᠠᠶᠢᠳᠠᠯ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠭᠦᠢᠴᠡᠳ ᠨᠤᠲᠠᠯᠠᠬᠤ ᠶᠢᠨ ᠬᠠᠮᠲᠤ ᠂ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠂ ᠲᠡᠷᠡ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠶ᠃ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠥᠷᠨᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠡᠭᠦᠷᠭᠡ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ ᠰᠢᠪᠲᠤᠯᠬᠤ ᠳᠤ ᠣᠯᠣᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠪᠦᠬᠦ ᠠᠷᠠᠳ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭᠠᠨ ᠤ ᠤᠬᠠᠮᠰᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠳᠠᠯᠭ᠎ᠠ᠂ ᠲᠥᠪᠯᠡᠷᠡᠯ ᠤᠨ ᠠᠰᠠᠭᠤᠳᠠᠯ ᠳᠤ ᠴᠢᠭᠯᠡᠭᠦᠯᠦᠨ᠂ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠵᠤ᠂ ᠮᠠᠨ ᠤ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠨ ᠭᠠᠷᠭᠠᠪᠠ᠃    ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠠᠤᠬᠠᠨ ᠬᠤᠰᠢᠭᠤᠨ ᠳᠠᠬᠢ ᠬᠤᠪᠢᠶᠠᠷᠢ ᠲᠣᠪᠴᠢᠶ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠳ᠋ᠠ ᠾᠧᠢ ᠱᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠬᠦᠷᠢᠶᠡᠯᠡᠩ ᠲᠣᠭᠤᠷᠢᠭ ᠤᠨ ᠠᠯᠪᠠᠨ ᠬᠡᠷ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号