| 8 ᠰᠠᠷ᠎ᠠ ᠶᠢᠨ 22 ᠤᠨ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ 2023 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠪᠠ᠃ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠧᠩ ᠶᠦᠨ ᠾᠦᠢ᠂ | ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠯᠢᠨ ᠵᠢᠶᠠ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠪᠦᠦ ᠯᠢᠨ ᠵᠢᠶᠠ ᠪᠥᠬᠦ ᠬᠤᠰᠢᠭᠤᠨ ᠤ ᠣᠷᠴᠢᠨ ᠲᠣᠭᠤᠷᠢᠨ ᠤ ᠶᠠᠰᠤ ᠴᠢᠨᠠᠷ᠂ ᠠᠵᠢᠯ | ᠥᠷᠨᠢᠭᠦᠯᠦᠭᠰᠡᠨ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠵᠡᠷᠭᠡ | ᠬᠠᠮᠢᠶ᠎ᠠ ᠪᠥᠬᠦᠶ ᠪᠠᠶᠢᠳᠠᠯ ᠤᠨ ᠲᠣᠭᠤᠷᠢᠨ ᠳᠤ᠂ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 | ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ | ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠣᠳᠣᠬᠠᠨ ᠤ ᠮᠠᠨ ᠤ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ | ᠳᠤᠮᠳᠠ ᠣᠷᠣᠰᠢᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ᠃ | ᠹᠧᠩ ᠶᠦᠨ ᠾᠦᠢ ᠮᠠᠨ ᠤ ᠬᠤᠰᠢᠭᠤᠨ ᠤ ᠣᠷᠴᠢᠨ ᠲᠣᠭᠤᠷᠢᠨ ᠤ ᠪᠠᠶᠢᠳᠠᠯ ᠪᠣᠯᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠭᠦᠢᠴᠡᠳ ᠨᠤᠲᠠᠯᠠᠬᠤ ᠶᠢᠨ ᠬᠠᠮᠲᠤ ᠂ ᠲᠠᠷᠠᠭᠠᠴᠢ ᠶᠢᠨ | ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠂ ᠲᠡᠷᠡ᠂ ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ | ᠬᠡᠷᠡᠭᠲᠡᠶ᠃ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠡᠯ᠎ᠡ ᠵᠦᠢᠯ ᠤᠨ | ᠠᠵᠢᠯ ᠢ ᠰᠠᠶᠢᠲᠤᠷ ᠥᠷᠨᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠡᠭᠦᠷᠭᠡ ᠶᠢ ᠴᠢᠨᠠᠭᠰᠢᠳᠠ | ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ ᠰᠢᠪᠲᠤᠯᠬᠤ ᠳᠤ ᠣᠯᠣᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ | ᠡᠷᠴᠢᠮ ᠢ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠪᠦᠬᠦ | ᠠᠷᠠᠳ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭᠠᠨ ᠤ | ᠤᠬᠠᠮᠰᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠠᠷᠢᠭᠤᠴᠠᠯᠭᠠᠲᠤ | ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠤᠤᠯᠳᠠᠯᠭ᠎ᠠ᠂ ᠲᠥᠪᠯᠡᠷᠡᠯ ᠤᠨ ᠠᠰᠠᠭᠤᠳᠠᠯ ᠳᠤ ᠴᠢᠭᠯᠡᠭᠦᠯᠦᠨ᠂ ᠪᠣᠳᠠᠲᠠᠶ ᠠᠷᠭ᠎ᠠ ᠬᠡᠮᠵᠢᠶ᠎ᠡ ᠶᠢ | ᠰᠤᠳᠤᠯᠵᠤ᠂ ᠮᠠᠨ ᠤ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ | ᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠨ ᠭᠠᠷᠭᠠᠪᠠ᠃ | ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠶᠢᠨ ᠠᠤᠬᠠᠨ ᠬᠤᠰᠢᠭᠤᠨ ᠳᠠᠬᠢ ᠬᠤᠪᠢᠶᠠᠷᠢ ᠲᠣᠪᠴᠢᠶ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠤᠯᠠᠭᠠᠨᠬᠠᠳᠠ ᠬᠤᠲᠠ ᠶᠢᠨ ᠳ᠋ᠠ ᠾᠧᠢ ᠱᠠᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ | ᠲᠣᠪᠴᠢᠶ᠎ᠠ᠂ ᠬᠤᠰᠢᠭᠤᠨ ᠤ ᠬᠦᠷᠢᠶᠡᠯᠡᠩ ᠲᠣᠭᠤᠷᠢᠭ ᠤᠨ ᠠᠯᠪᠠᠨ ᠬᠡᠷ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠶ᠃ |