ᠠᠤᠬᠠᠨ ᠬᠤᠰᠢᠭᠤᠨ ᠤ 2024 ᠣᠨ ᠤ ᠮᠡᠷᠭᠡᠵᠢᠯ ᠤᠨ ᠴᠣᠯᠠ ᠶᠢ ᠮᠠᠭᠠᠳᠯᠠᠨ ᠲᠣᠭᠲᠠᠭᠠᠬᠤ ᠠᠵᠢᠯ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/8/26
    ᠣᠶᠢᠷ᠎ᠠ ᠳᠤ᠂ ᠠᠣᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠮᠡᠷᠭᠡᠵᠢᠯ ᠤᠨ ᠴᠣᠯᠠ ᠭᠤᠶᠤᠴᠢᠯᠠᠭᠰᠠᠨ 128 ᠦᠨᠳᠦᠰᠦᠨ ᠱᠠᠲᠤᠨ ᠤ ᠲᠤᠰᠬᠠᠶ ᠮᠡᠷᠭᠡᠵᠢᠯ ᠤᠨ ᠠᠵᠢᠯᠲᠠᠨ ᠤ ᠲᠠᠩᠰᠠ ᠡᠪᠬᠡᠮᠡᠯ ᠢ ᠬᠢᠨᠠᠨ ᠬᠠᠷᠭᠤᠭᠤᠯᠪᠠ᠃ ᠬᠢᠨᠠᠨ ᠬᠠᠷᠭᠤᠭᠤᠯᠬᠤ ᠪᠠᠷ ᠳᠡᠮᠵᠢᠨ᠂ 118 ᠬᠥᠮᠦᠨ ᠤ ᠰᠤᠷᠤᠭᠰᠠᠨ ᠲᠤᠰᠬᠠᠶ ᠮᠡᠷᠭᠡᠵᠢᠯ ᠨᠢ ᠣᠲᠣ ᠶᠢᠨ ᠲᠤᠰᠬᠠᠶ ᠮᠡᠷᠭᠡᠵᠢᠯ ᠲᠠᠢ ᠨᠢᠭᠡᠳᠦᠯᠲᠡᠶ ᠪᠠᠶᠢᠵᠤ᠂ 10 ᠬᠥᠮᠦᠨ ᠤ ᠰᠤᠷᠤᠭᠰᠠᠨ ᠲᠤᠰᠬᠠᠶ ᠮᠡᠷᠭᠡᠵᠢᠯ ᠨᠢ ᠲᠤᠰᠬᠠᠶ ᠮᠡᠷᠭᠡᠵᠢᠯ ᠤᠨ ᠠᠵᠢᠯ ᠲᠠᠢ ᠣᠶᠢᠷᠠᠯᠴᠠᠭ᠎ᠠ ᠪᠠᠶᠢᠵᠤ᠂ 128 ᠬᠥᠮᠦᠨ ᠨᠢ ᠳᠤᠮᠳᠠ ᠵᠡᠷᠭᠡ ᠪᠤᠶᠤ ᠠᠩᠬ᠎ᠠ ᠵᠡᠷᠭᠡ ᠶᠢᠨ ᠲᠤᠰᠬᠠᠶ ᠮᠡᠷᠭᠡᠵᠢᠯ ᠤᠨ ᠬᠢᠷᠢ ᠬᠡᠮ ᠢᠶᠠᠷ ᠰᠢᠭᠤᠳ ᠮᠠᠭᠠᠳᠯᠠᠨ ᠲᠣᠭᠲᠠᠭᠠᠬᠤ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ᠃    ᠲᠣᠰ ᠤᠳᠠᠭᠠᠨ ᠤ ᠮᠡᠷᠭᠡᠵᠢᠯ ᠤᠨ ᠴᠣᠯᠠ ᠶᠢ ᠮᠠᠭᠠᠳᠯᠠᠨ ᠲᠣᠭᠲᠠᠭᠠᠬᠤ ᠠᠵᠢᠯ ᠨᠢ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠨᠢᠭᠡᠳᠦᠭᠡᠷ ᠹᠷᠣᠨᠲ ᠤᠨ ᠦᠨᠳᠦᠰᠦᠨ ᠱᠠᠲᠤᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢᠨ ᠬᠡᠯᠪᠠᠶᠢᠯᠭᠡᠬᠦ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠳᠤ ᠦᠢᠯᠡᠴᠢᠯᠡᠬᠦ ᠤᠳᠤᠷᠢᠳᠤᠮᠵᠢ ᠶᠢ ᠳᠣᠪᠤᠶᠢᠯᠭᠠᠨ ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠦᠨᠳᠦᠰᠦᠨ ᠱᠠᠲᠤᠨ ᠤ ᠨᠢᠭᠡᠴᠡ ᠳᠤ ᠲᠣᠰ ᠲᠤᠰᠬᠠᠶ ᠮᠡᠷᠭᠡᠵᠢᠯ ᠪᠤᠶᠤ ᠣᠶᠢᠷᠠᠯᠴᠠᠭ᠎ᠠ ᠲᠤᠰᠬᠠᠶ ᠮᠡᠷᠭᠡᠵᠢᠯ ᠤᠨ ᠠᠵᠢᠯ ᠬᠢᠵᠦ ᠪᠠᠶᠢᠭ᠎ᠠ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠢᠨᠠᠨ ᠰᠢᠯᠭᠠᠯᠲᠠ ᠪᠠᠷ ᠳᠠᠮᠵᠢᠭᠠᠳ ᠬᠢᠷᠢ ᠲᠡᠩᠴᠡᠪᠡᠯ᠂ ᠵᠣᠬᠢᠴᠠᠩᠭᠤᠶ ᠮᠡᠷᠭᠡᠵᠢᠯ ᠤᠨ ᠴᠣᠯᠠ ᠲᠣᠭᠲᠠᠭᠠᠬᠤ ᠪᠠᠷ ᠰᠢᠭᠤᠳ ᠭᠤᠶᠤᠴᠢᠯᠠᠵᠤ ᠪᠣᠯᠤᠨ᠎ᠠ ︵ᠰᠢᠯᠭᠠᠯᠲᠠ ᠪᠠᠷ ᠦᠨᠡᠯᠡᠯᠲᠡ ᠶᠢ ᠣᠷᠣᠯᠠᠭᠤᠯᠬᠤ ᠲᠤᠰᠬᠠᠶ ᠮᠡᠷᠭᠡᠵᠢᠯ ᠠᠴᠠ ᠭᠠᠳᠠᠨ᠎ᠠ︶᠂ ᠬᠢᠨᠠᠨ ᠲᠣᠭᠲᠠᠭᠠᠯᠲᠠ ᠬᠢᠬᠦ ᠴᠢᠬᠤᠯᠠ ᠦᠭᠡᠢ᠃ ᠡᠭᠦᠨ ᠳᠤ᠂ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠪᠦᠬᠦᠯᠢ 2 ᠵᠢᠯ ᠠᠵᠢᠯᠯᠠᠪᠠᠯ᠂ ᠲᠤᠰᠠᠯᠠᠬᠤ ᠲᠠᠰ ᠤᠨ ᠮᠡᠷᠭᠡᠵᠢᠯ ᠤᠨ ᠴᠣᠯᠠ ᠶᠢ ᠮᠠᠭᠠᠳᠯᠠᠨ ᠲᠣᠭᠲᠠᠭᠠᠵᠤ ᠪᠣᠯᠤᠨ᠎ᠠ︔ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠪᠤᠶᠤ ᠣᠶᠤᠲᠠᠨ ᠡᠷᠳᠡᠮ ᠤᠨ ᠴᠣᠯᠠ ᠲᠠᠢ ᠪᠠᠶᠢᠪᠠᠯ᠂ ᠠᠵᠢᠯᠯᠠᠭᠰᠠᠨ ᠤ ᠳᠠᠷᠠᠭ᠎ᠠ ᠲᠤᠰᠠᠯᠠᠬᠤ ᠲᠠᠰ ᠤᠨ ᠮᠡᠷᠭᠡᠵᠢᠯ ᠤᠨ ᠴᠣᠯᠠ ᠶᠢ ᠲᠣᠭᠲᠠᠭᠠᠵᠤ ᠪᠣᠯᠤᠨ᠎ᠠ︔ ᠮᠠᠰᠲ᠋ᠧᠷ ᠴᠣᠯᠠ ᠪᠤᠶᠤ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂  ᠪᠦᠬᠦᠯᠢ1 ᠵᠢᠯ ᠠᠵᠢᠯᠯᠠᠭᠰᠠᠨ ᠪᠣᠯ ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠮᠠᠭᠠᠳᠯᠠᠨ ᠲᠣᠭᠲᠠᠭᠠᠵᠤ ᠪᠣᠯᠤᠨ᠎ᠠ︔ ᠳ᠋ᠣᠺᠲ᠋ᠣᠷ ᠤᠨ ᠡᠷᠳᠡᠮ ᠤᠨ ᠴᠣᠯᠠ ᠲᠠᠢ᠂ ᠠᠵᠢᠯᠯᠠᠭᠰᠠᠨ ᠤ ᠳᠠᠷᠠᠭ᠎ᠠ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢ ᠮᠠᠭᠠᠳᠯᠠᠨ ᠲᠣᠭᠲᠠᠭᠠᠵᠤ ᠪᠣᠯᠤᠨ᠎ᠠ᠃    ᠲᠣᠰ ᠤᠳᠠᠭᠠᠨ ᠤ ᠮᠠᠭᠠᠳᠯᠠᠨ ᠲᠣᠭᠲᠠᠭᠠᠭᠰᠠᠨ 128 ᠲᠤᠰᠬᠠᠶ ᠮᠡᠷᠭᠡᠵᠢᠯ ᠤᠨ ᠠᠵᠢᠯᠲᠠᠨ ᠨᠢ ᠄ ᠮᠠᠯ ᠠᠵᠤ ᠠᠬᠤᠶ᠂ ᠲᠠᠷᠢᠶᠠᠯᠠᠩ ᠤᠨ ᠮᠡᠷᠭᠡᠵᠢᠯ᠂ ᠤᠰᠤᠨ ᠠᠰᠢᠭᠯᠠᠯᠲᠠ᠂ ᠬᠡᠯᠡ ᠪᠢᠴᠢᠭ᠂ ᠲᠣᠭᠠᠨ ᠤ ᠤᠬᠠᠭᠠᠨ᠂ ᠠᠩᠭ᠍ᠯᠢ ᠬᠡᠯᠡ᠂ ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤ᠂ ᠹᠢᠽᠢᠺ᠂ ᠲᠡᠦᠬᠡ᠂ ᠠᠮᠢᠳᠤ ᠪᠣᠳᠠᠰ᠂ ᠳᠠᠭᠤᠤ ᠬᠥᠭᠵᠢᠮ᠂ ᠪᠡᠶ᠎ᠡ ᠶᠢᠨ ᠲᠠᠮᠢᠷ᠂ ᠮᠡᠳᠡᠭᠡ ᠵᠠᠩᠭᠢ ᠶᠢᠨ ᠮᠡᠷᠭᠡᠵᠢᠯ᠂ ᠰᠡᠳᠬᠢᠴᠡ ᠶᠢᠨ ᠡᠷᠡᠭᠦᠯ ᠮᠡᠨᠳᠦ ᠵᠢᠴᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠵᠡᠷᠭᠡ ᠣᠯᠠᠨ ᠲᠤᠰᠬᠠᠶ ᠮᠡᠷᠭᠡᠵᠢᠯ ᠤᠨ ᠬᠦᠷᠢᠶ᠎ᠡ ᠶᠢ  ᠬᠠᠮᠤᠷᠴᠤ ᠂  ᠮᠡᠷᠭᠡᠵᠢᠯ ᠤᠨ ᠴᠤᠯᠠ ᠶᠢ ᠮᠠᠭᠠᠳᠯᠠᠨ ᠳᠣᠭᠲᠠᠭᠠᠬᠤ ᠲᠦᠷᠦ ᠶᠢᠨ ᠪᠣᠳᠤᠯᠭ᠎ᠠ ᠶᠢ ᠦᠷᠭᠡᠨ ᠢᠶᠠᠷ ᠬᠠᠮᠤᠷᠤᠭᠰᠠᠨ ᠢᠶᠠᠷ ᠪᠠᠷᠠᠬᠤ ᠦᠭᠡᠢ ᠪᠠᠰᠠ ᠦᠨᠳᠦᠰᠦᠨ ᠱᠠᠲᠤᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠣᠯᠠᠨ ᠶᠡᠩᠵᠤᠲᠦ ᠴᠢᠨᠠᠷ ᠪᠠ ᠲᠤᠰᠬᠠᠢ ᠮᠡᠷᠭᠡᠵᠢᠯ ᠤᠨ ᠴᠢᠨᠠᠷ ᠢ ᠢᠯᠡᠷᠡᠭᠦᠯᠦᠭᠰᠡᠨ ᠪᠠᠶᠢᠨ᠎ᠠ ᠃ ᠡᠲᠡᠭᠡᠷ ᠲᠤᠰᠬᠠᠶ ᠮᠡᠷᠭᠡᠵᠢᠯ ᠤᠨ ᠴᠢᠳᠠᠪᠤᠷᠢᠲᠠᠨ ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ  ᠦᠢᠯᠡᠳᠪᠦᠷᠢᠯᠡᠯ᠂ ᠨᠡᠶᠢᠭᠡᠮ ᠤᠨ ᠬᠠᠮᠢᠶᠠᠷᠤᠯᠲᠠ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠰᠢᠭᠤᠳ  ᠦᠢᠯᠡᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃    ᠲᠠᠷᠠᠭᠠᠴᠢ ᠶᠢᠨ ᠠᠯᠬᠤᠮ ᠳᠤ᠂  ᠠᠣᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠴᠢᠳᠠᠪᠤᠷᠢᠲᠠᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠠᠩ ᠣᠯᠠᠨ ᠰᠢᠯᠢᠳᠡᠭ ᠴᠢᠳᠠᠪᠤᠷᠢᠲᠠᠨ ᠢ ᠲᠡᠳᠡᠨ ᠠᠪᠴᠢᠷᠠᠵᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号