| ᠬᠤᠸᠠᠩ ᠶᠠᠩ ᠸᠠ ᠪᠠᠯᠭᠠᠰᠤᠨ ᠤ ᠲᠠᠷᠢᠶᠠᠯᠠᠩ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠨᠢ ᠬᠤᠸᠠᠩ ᠶᠠᠩ ᠸᠠ ᠪᠠᠯᠭᠠᠰᠤᠨ ᠤ ᠰᠡᠩᠳᠧᠩ ᠮᠣᠳᠤᠨ ᠤ ᠬᠦᠷᠢᠶᠡᠯᠡᠩ ᠤᠨ ᠣᠷᠣᠨ ᠪᠦᠰᠡ ᠳᠤ | ᠪᠠᠶᠢᠷᠢᠯᠠᠵᠤ᠂ ᠰᠠᠭᠤᠷᠢᠨ ᠭᠠᠵᠠᠷ ᠢ ᠪᠠᠶᠢᠭᠤᠯᠤᠭᠰᠠᠨ ᠵᠣᠷᠢᠯᠭ᠎ᠠ ᠨᠢ ᠡᠷᠳᠡᠨᠢ ᠰᠢᠰᠢ᠂ ᠨᠠᠷᠢᠮᠤ ᠬᠤᠶᠠᠷ ᠶᠡᠭᠡ | ᠲᠠᠷᠢᠮᠠᠯ ᠤᠨ ᠰᠢᠨ᠎ᠡ ᠮᠡᠷᠭᠡᠵᠢᠯ᠂ ᠰᠢᠨ᠎ᠡ ᠪᠣᠷᠲᠣᠭᠤᠷ᠂ ᠰᠢᠨ᠎ᠡ ᠡᠭᠦᠯᠳᠡᠷ ᠢ ᠳᠡᠯᠭᠡᠷᠡᠭᠦᠯᠵᠦ᠂ ᠰᠠᠶᠢᠨ ᠲᠠᠷᠢᠶᠠᠨ | ᠭᠠᠵᠠᠷ ᠰᠠᠶᠢᠨ ᠦᠷ᠎ᠡ ᠰᠠᠶᠢᠨ ᠬᠤᠭᠤᠴᠠᠭ᠎ᠠ ᠰᠠᠶᠢᠨ ᠠᠷᠭ᠎ᠠ ᠶᠢ ᠳᠡᠯᠭᠡᠷᠡᠭᠦᠯᠬᠦ ᠪᠠ ᠠᠭᠤᠰᠤᠯᠴᠠᠭᠤᠯᠬᠤ ᠳᠡᠭᠡᠷ᠎ᠡ | ᠬᠦᠴᠦ ᠲᠠᠯᠪᠢᠵᠤ᠂ ᠡᠷᠳᠡᠨᠢ ᠰᠢᠰᠢ ᠪᠠ ᠨᠠᠷᠢᠮᠤ ᠶᠢᠨ ᠨᠢᠭᠡᠴᠢ ᠭᠠᠷᠤᠯᠲᠠ ᠶᠢ ᠳᠡᠭᠡᠭᠰᠢᠯᠡᠭᠦᠯᠬᠦ᠂ ᠤᠰᠤ ᠶᠢ ᠥᠨᠳᠥᠷ | ᠪᠦᠲᠦᠮᠵᠢᠲᠡᠶ ᠪᠠᠷ ᠠᠰᠢᠭᠯᠠᠬᠤ ᠪᠠ ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠪᠥᠬᠦ | ᠪᠠᠯᠭᠠᠰᠤᠨ ᠤ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠳᠤ ᠬᠦᠴᠦᠲᠡᠶ | ᠲᠤᠯᠭᠠᠭᠤᠷᠢᠯᠠᠯ ᠬᠠᠩᠭᠠᠬᠤ ᠶᠢᠨ ᠲᠥᠯᠥᠭᠡ ᠶᠤᠮ᠃ ᠰᠠᠭᠤᠷᠢᠨ ᠭᠠᠵᠠᠷ ᠤᠨ ᠶᠡᠷᠦᠩᠬᠡᠶ ᠲᠠᠯᠠᠪᠠᠶ ᠨᠢ 500 ᠮᠥ | ᠪᠠᠶᠢᠵᠤ᠂ ᠡᠭᠦᠨ ᠳᠤ ᠭᠤᠤᠯ ᠲᠤᠷᠰᠢᠯᠲᠠ ᠶᠢᠨ ᠵᠢᠱᠢᠶ᠎ᠡ ᠦᠵᠡᠭᠦᠯᠬᠦ ᠣᠷᠣᠨ 50 ᠮᠥ᠂ ᠵᠢᠱᠢᠶ᠎ᠡ ᠦᠵᠡᠭᠦᠯᠦᠨ | ᠳᠡᠯᠭᠡᠷᠡᠭᠦᠯᠬᠦ ᠣᠷᠣᠨ 450 ᠮᠥ ᠪᠣᠶ᠃ | ︽ᠭᠤᠤᠯ ᠲᠤᠷᠰᠢᠯᠲᠠ ᠶᠢᠨ ᠵᠢᠱᠢᠶ᠎ᠡ ᠦᠵᠡᠭᠦᠯᠬᠦ ᠣᠷᠣᠨ ᠨᠢ ︿ᠪᠣᠷᠲᠣᠭᠤᠷ᠂ ᠡᠮ᠂ ᠤᠰᠤ ᠶᠢ ᠡᠵᠡᠮᠳᠡᠬᠦ᠂ | ᠰᠦᠯᠢᠶᠣᠣ ᠪᠦᠷᠬᠦᠪᠴᠢ ᠶᠢ ᠬᠢᠵᠠᠭᠠᠷᠯᠠᠬᠤ﹀ ᠳᠥᠷᠪᠡᠨ ᠡᠵᠡᠮᠳᠡᠯ ᠤᠨ ᠱᠠᠭᠠᠷᠳᠠᠯᠭ᠎ᠠ ᠶᠣᠰᠣᠭᠠᠷ᠂ ᠡᠷᠳᠡᠨᠢ ᠰᠢᠰᠢ | ᠪᠠ ᠨᠠᠷᠢᠮᠦ ᠳᠠᠷᠢᠵᠤ᠂ 13 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠬᠢᠵᠦ᠂ ᠨᠡᠶᠢᠲᠡ 106 | ᠰᠢᠢᠳᠪᠦᠷᠢᠯᠡᠵᠦ᠂ ᠲᠥᠷᠥᠯ ᠵᠦᠢᠯ᠂ ᠪᠣᠷᠲᠣᠭᠤᠷ᠂ ᠰᠦᠯᠢᠶᠣᠣ ᠪᠦᠷᠬᠦᠪᠴᠢ ᠶᠢ ᠬᠡᠷᠡᠭᠯᠡᠬᠦ ᠪᠠ ᠡᠪᠡᠳᠴᠢᠨ ᠤ | ᠬᠥᠨᠥᠭᠡᠯ ᠢ ᠰᠡᠷᠭᠡᠶᠢᠯᠡᠨ ᠵᠠᠰᠠᠬᠤ ᠳᠥᠷᠪᠡᠨ ᠲᠠᠯ᠎ᠠ ᠪᠠᠷ ᠬᠠᠷᠢᠴᠠᠭᠤᠯᠤᠨ ᠲᠤᠷᠰᠢᠯᠲᠠ ᠬᠢᠵᠦ᠂ ᠡᠭᠦᠨ ᠤ ᠤᠯᠠᠮ ᠢᠶᠠᠷ | ᠲᠣᠰ ᠭᠠᠵᠠᠷ ᠣᠷᠣᠨ ᠳᠤ ᠳᠠᠷᠢᠬᠤ ᠳᠤ ᠳᠣᠭᠢᠷᠠᠬᠤ ᠡᠷᠳᠡᠨᠢ ᠰᠢᠰᠢ᠂ ᠨᠠᠷᠢᠮᠤ ᠶᠢᠨ ᠲᠥᠷᠥᠯ ᠵᠦᠢᠯ ᠪᠠ ᠳᠠᠷᠢᠵᠤ | ᠪᠤᠶᠢᠵᠢᠭᠤᠯᠬᠤ ᠮᠡᠷᠭᠡᠵᠢᠯ ᠢ ᠤᠯᠠᠮ ᠨᠢᠭᠡ ᠠᠯᠬᠤᠮ ᠰᠣᠩᠭᠤᠨ ᠭᠠᠷᠭᠠᠵᠤ᠂ ᠲᠠᠷᠠᠭᠠᠴᠢ ᠶᠢᠨ ᠠᠯᠬᠤᠮ ᠳᠤ ᠶᠡᠭᠡ | ᠬᠡᠪᠴᠢᠶ᠎ᠡ ᠪᠠᠷ ᠳᠡᠯᠭᠡᠷᠡᠭᠦᠯᠦᠨ ᠠᠰᠢᠭᠯᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠭᠰᠠᠨ ᠪᠠᠶᠢᠨ᠎ᠠ︾ | ᠭᠡᠵᠦ ᠬᠤᠸᠠᠩ ᠶᠠᠩ ᠸᠠ ᠪᠠᠯᠭᠠᠰᠤᠨ ᠤ ᠲᠠᠷᠢᠶᠠᠯᠠᠩ ᠤᠨ ᠬᠠᠷᠢᠭᠤᠴᠠᠯᠭᠠᠲᠠᠨ ᠴᠧ ᠷᠦᠢ ᠵᠢᠶᠦ᠋ᠨ ᠲᠠᠨᠢᠯᠴᠠᠭᠤᠯᠵᠠᠢ᠃ | | ᠣᠶᠢᠯᠠᠭᠠᠭᠰᠠᠨ ᠢᠶᠠᠷ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠣᠷᠣᠨ ᠳᠤ ᠡᠷᠳᠡᠨᠢ ᠰᠢᠰᠢ ᠶᠢ ᠨᠢᠭᠲᠠ ᠳᠠᠷᠢᠵᠤ | ᠤᠷᠭᠤᠭᠤᠯᠬᠤ ᠮᠡᠷᠭᠡᠵᠢᠯ ᠪᠠ ᠨᠠᠷᠢᠮᠤ ᠶᠢᠨ ᠪᠣᠬᠢᠷᠲᠤᠯ ᠥᠬᠡᠶ ᠳᠠᠷᠢᠵᠤ ᠪᠤᠶᠢᠵᠢᠭᠤᠯᠬᠤ ᠮᠡᠷᠭᠡᠵᠢᠯ ᠢ ᠨᠠᠷᠢᠯᠢᠭ | ᠳᠥᠭᠦᠮᠴᠢᠯᠡᠵᠦ᠂ ︽ᠲᠠᠪᠤ ᠶᠢ ᠨᠢᠭᠡᠳᠬᠡᠵᠦ ᠭᠤᠷᠪᠠ ᠶᠢ ᠡᠵᠡᠮᠳᠡᠵᠦ ᠭᠤᠷᠪᠠ ᠶᠢ ᠨᠡᠮᠡᠭᠳᠡᠭᠦᠯᠵᠦ ᠬᠤᠶᠠᠷ ᠢ | ᠨᠡᠮᠡᠭᠳᠡᠭᠦᠯᠬᠦ︾ ᠮᠡᠷᠭᠡᠵᠢᠯ ᠤᠨ ᠵᠠᠭᠪᠤᠷ ᠢ ᠠᠪᠴᠤ᠂ ᠲᠤᠬᠠᠶᠢᠯᠠᠪᠠᠯ ᠳᠠᠷᠢᠬᠤ ᠡᠭᠦᠯᠳᠡᠷ ᠢ ᠨᠢᠭᠡᠳᠬᠡᠵᠦ᠂ | ᠪᠣᠷᠲᠣᠭᠤᠷ ᠢ ᠨᠢᠭᠡᠳᠬᠡᠵᠦ ᠂ ᠤᠰᠤᠨ ᠤ ᠬᠠᠮᠢᠶᠠᠷᠤᠯᠲᠠ ᠶᠢ ᠨᠢᠭᠡᠳᠬᠡᠵᠦ᠂ ᠡᠪᠡᠳᠴᠢᠨ ᠬᠤᠷᠣᠬᠠᠶ ᠶᠢ ᠰᠡᠷᠭᠡᠶᠢᠯᠡᠨ | ᠡᠵᠡᠮᠳᠡᠬᠦ ᠶᠢ ᠨᠢᠭᠡᠳᠬᠡᠵᠦ᠂ ᠮᠡᠷᠭᠡᠵᠢᠯ ᠤᠨ ᠵᠢᠯᠣᠭᠤᠳᠣᠯᠭ᠎ᠠ ᠬᠢᠬᠦ ᠶᠢ ᠨᠢᠭᠡᠳᠬᠡᠵᠦ᠂ ᠮᠠᠰᠢᠨ ᠢᠶᠠᠷ ᠠᠵᠢᠯᠯᠠᠬᠤ ᠶᠢ | ᠨᠢᠭᠡᠳᠬᠡᠬᠦ ᠪᠣᠯᠤᠨ᠎ᠠ︔ ᠪᠣᠷᠲᠣᠭᠤᠷ᠂ ᠡᠮ᠂ ᠤᠰᠤ ᠶᠢ ᠡᠵᠡᠮᠳᠡᠬᠦ᠂ ᠰᠦᠯᠢᠶᠣᠣ ᠪᠦᠷᠬᠦᠪᠴᠢ ᠶᠢ ᠬᠢᠵᠠᠭᠠᠷᠯᠠᠨ᠎ᠠ︔ | ᠬᠢᠮᠢ ᠶᠢᠨ ᠪᠣᠷᠳᠣᠭᠤᠷ᠂ ᠲᠠᠷᠢᠶᠠᠨ ᠡᠮ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠦᠨ᠎ᠡ︔ | ᠭᠠᠷᠤᠯᠲᠠ ᠪᠠᠨ ᠨᠡᠮᠡᠭᠳᠡᠭᠦᠯᠵᠦ᠂ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠴᠢᠨᠠᠷ ᠰᠠᠶᠢᠲᠠᠶ ᠥᠨᠳᠥᠷ | ᠤᠨᠠᠯᠲᠠ ᠲᠠᠢ ᠰᠢᠨ᠎ᠡ ᠡᠭᠦᠯᠳᠡᠷ᠂ ᠨᠠᠷᠢᠯᠢᠭ ᠬᠡᠮᠵᠢᠶ᠎ᠡ ᠪᠠᠷ ᠲᠠᠷᠢᠬᠤ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ | ᠪᠦᠷᠬᠦᠪᠴᠢ ᠶᠢᠨ ᠳᠣᠣᠷ᠎ᠠ ᠳᠤᠰᠤᠯᠭᠠᠨ ᠤᠰᠤᠯᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠪᠦᠬᠦ | ᠶᠠᠪᠤᠴᠠ ᠶᠢ ᠮᠧᠬᠠᠨᠢᠭᠵᠢᠭᠤᠯᠤᠨ ᠠᠵᠢᠯᠯᠠᠬᠤ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠵᠡᠷᠭᠡ ᠮᠡᠷᠭᠡᠵᠢᠯ ᠢ | ᠭᠤᠣᠯᠳᠠᠯᠭ᠎ᠠ ᠲᠠᠢ ᠬᠡᠷᠡᠭᠯᠡᠨ᠎ᠡ᠃ ᠡᠲᠡᠭᠡᠷ ᠮᠡᠷᠭᠡᠵᠢᠯ ᠤᠨ ᠬᠡᠷᠡᠭᠯᠡᠯᠲᠡ ᠨᠢ ᠵᠢᠱᠢᠯᠲᠡ ᠪᠠᠷ ᠡᠨᠧᠷᠭᠢ ᠬᠡᠷᠡᠭᠯᠡᠬᠦ | ᠬᠡᠮᠵᠢᠶ᠎ᠡ ᠶᠢ 15% ᠠᠴᠠ ᠳᠡᠭᠡᠭᠰᠢ ᠪᠠᠭᠠᠰᠬᠠᠵᠤ᠂ ᠬᠢᠮᠢ ᠶᠢᠨ ᠪᠣᠷᠲᠣᠭᠤᠷ ᠤᠨ ᠴᠡᠪᠡᠷ ᠬᠡᠷᠡᠭᠯᠡᠬᠦ ᠬᠡᠮᠵᠢᠶ᠎ᠡ ᠶᠢ | 12% ᠠᠴᠠ ᠳᠡᠭᠡᠭᠰᠢ ᠪᠠᠭᠠᠰᠬᠠᠵᠤ᠂ ᠰᠦᠯᠢᠶᠣᠣ ᠪᠦᠷᠬᠦᠪᠴᠢ ᠶᠢᠨ ᠡᠭᠡᠭᠦᠯᠦᠨ ᠬᠤᠷᠢᠶᠠᠬᠤ ᠨᠣᠷᠮ᠎ᠠ ᠶᠢ | 10% ᠠᠴᠠ ᠳᠡᠭᠡᠭᠰᠢ ᠳᠡᠭᠡᠭᠰᠢᠯᠡᠭᠦᠯᠵᠦ᠂ ᠬᠢᠮᠢ ᠶᠢᠨ ᠲᠠᠷᠢᠶᠠᠨ ᠡᠮ ᠤᠨ ᠴᠡᠪᠡᠷ ᠬᠡᠷᠡᠭᠯᠡᠬᠦ ᠬᠡᠮᠵᠢᠶ᠎ᠡ ᠶᠢ 8% ᠠᠴᠠ | ᠳᠡᠭᠡᠭᠰᠢ ᠪᠠᠭᠠᠰᠬᠠᠵᠤ᠂ ᠳᠤᠮᠳᠠᠴᠢ ᠲᠠᠯᠠᠪᠠᠶ ᠨᠢᠭᠡᠴᠢ ᠶᠢᠨ ᠤᠨᠠᠯᠲᠠ ᠶᠢ ᠵᠢᠱᠢᠯᠲᠡ ᠪᠠᠷ ᠡᠷᠬᠢᠨ ᠲᠣᠭᠤᠷᠢᠨ ᠤ ᠣᠷᠣᠨ | ᠪᠦᠰᠡ ᠶᠢᠨ ᠳᠤᠮᠳᠠᠴᠢ ᠬᠢᠷᠢ ᠲᠦᠪᠰᠢᠨ ᠠᠴᠠ 10% ᠠᠴᠠ ᠳᠡᠭᠡᠭᠰᠢ ᠥᠨᠳᠥᠷ ᠪᠣᠯᠭᠠᠵᠤ᠂ ᠥᠪᠡᠷ ᠤᠨ | ᠥᠷᠲᠡᠭ ᠢ ᠠᠷᠪᠢᠯᠠᠨ ᠦᠷ᠎ᠡ ᠠᠰᠢᠭ ᠢ 12% ᠠᠴᠠ ᠳᠡᠭᠡᠭᠰᠢ ᠨᠡᠮᠡᠭᠳᠡᠭᠦᠯᠵᠦ᠂ ᠲᠠᠷᠢᠶᠠᠯᠠᠩ ᠤᠨ ᠪᠣᠬᠢᠷᠲᠤᠯ ᠥᠬᠡᠶ | ᠬᠥᠭᠵᠢᠯᠲᠡ ᠶᠢᠨ ᠰᠢᠨ᠎ᠡ ᠳᠠᠪᠠᠭᠤᠯᠢᠭ ᠢ ᠤᠯᠠᠮ ᠨᠢᠭᠡ ᠠᠯᠬᠤᠮ ᠪᠣᠶ ᠪᠣᠯᠭᠠᠬᠤ ᠪᠣᠯᠤᠨ᠎ᠠ᠃ | ᠵᠠᠯᠭᠠᠭᠠᠳ ᠬᠤᠸᠠᠩ ᠶᠠᠩ ᠸᠠ ᠪᠠᠯᠭᠠᠰᠤ ᠡᠬᠢ ᠪᠠᠶᠠᠯᠢᠭ ᠤᠨ ᠳᠠᠪᠠᠭᠤᠯᠢᠭ ᠪᠠ ᠥᠪᠡᠷᠮᠢᠴᠡ | ᠳᠠᠪᠠᠭᠤᠯᠢᠭ ᠲᠠᠭᠠᠨ ᠦᠷᠭᠦᠯᠵᠢᠯᠡᠨ ᠰᠠᠭᠤᠷᠢᠯᠠᠵᠤ᠂ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ | ᠬᠥᠲᠥᠯᠥᠨ ᠳᠠᠭᠠᠭᠤᠯᠬᠤ ᠪᠠᠷ ᠳᠠᠮᠵᠢᠭᠤᠯᠤᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠳᠬᠡᠵᠦ᠂ ᠡᠷᠳᠡᠨᠢ ᠰᠢᠰᠢ ᠪᠠ | ᠨᠠᠷᠢᠮᠤ ᠶᠢᠨ ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠬᠡᠯᠪᠡᠷᠢ ᠶᠢᠨ ᠣᠷᠭᠠᠨᠢᠭ ᠪᠣᠷᠲᠣᠭᠤᠷ ᠢ ᠳᠡᠯᠭᠡᠷᠡᠭᠦᠯᠦᠨ | ᠬᠡᠷᠡᠭᠯᠡᠬᠦ ᠶᠢ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠤ᠂ | ᠲᠠᠷᠢᠶᠠᠴᠢᠳ ᠤᠨ ᠡᠯᠪᠡᠭ ᠬᠤᠷᠢᠶᠠᠯᠲᠠ ᠣᠯᠵᠤ ᠡᠯᠪᠡᠭ ᠬᠤᠷᠢᠶᠠᠯᠲᠠ ᠳᠤ ᠰᠢᠨ᠎ᠡ ᠬᠥᠳᠡᠯᠭᠡᠬᠦ ᠬᠦᠴᠦᠨ ᠢ | ᠬᠥᠭᠵᠢᠭᠡᠵᠦ᠂ ᠬᠤᠸᠠᠩ ᠶᠠᠩ ᠸᠠ ᠪᠠᠯᠭᠠᠰᠤᠨ ᠤ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠳᠤ | ᠬᠠᠷᠢᠶᠠᠯᠠᠭᠳᠠᠬᠤ ᠨᠢᠭᠡ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠨ᠎ᠠ᠃ |