ᠰᠧ ᠳ᠋ᠤᠤ ᠸᠠᠨ ᠽᠢ ᠪᠠᠯᠭᠠᠰᠤ ᠤᠯᠠᠨ ᠠᠷᠭ᠎ᠠ ᠬᠡᠮᠵᠢᠶ᠎ᠡ ᠠᠪᠴᠤ ᠠᠵᠢᠯ ᠣᠯᠭᠤᠬᠤ ᠵᠠᠮ ᠢ ᠳᠡᠪᠢᠰᠪᠡ
ᠨᠡᠶᠢᠲᠡᠯᠡᠭᠰᠡᠨ ᠴᠠᠭ᠄
2024/8/27
    ᠬᠥᠳᠡᠭᠡ ᠲᠣᠰᠬᠤᠨ ᠤ ᠵᠣᠬᠢᠬᠤ ᠨᠠᠰᠤᠨ ᠤ ᠬᠥᠳᠡᠯᠮᠦᠷᠢ ᠬᠦᠴᠦᠨ ᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠶᠢᠨ ᠲᠥᠯᠥᠭᠡ᠂ ᠨᠡᠩ ᠤᠯᠠᠨ ᠦᠨᠡᠨᠬᠦ ᠬᠡᠷᠡᠭᠵᠢᠭᠦᠯᠵᠦ ᠪᠣᠯᠬᠤ ᠪᠥᠭᠡᠳ ᠡᠯᠪᠡᠭ ᠪᠠᠶᠠᠯᠢᠭ ᠤᠯᠠᠨ ᠶᠠᠩᠵᠤ ᠶᠢᠨ ᠠᠵᠢᠯ ᠣᠯᠭᠤᠯᠲᠠ ᠶᠢᠨ ᠲᠣᠬᠢᠶᠠᠯ ᠪᠣᠯᠤᠨ ᠲᠦᠬᠦᠮ ᠦᠵᠡᠭᠦᠯᠬᠦ ᠠᠷᠭ᠎ᠠ ᠵᠠᠮ ᠢ ᠬᠠᠩᠭᠠᠬᠤ ᠶᠢᠨ ᠲᠥᠯᠥᠭᠡ᠂ ᠡᠨᠡ ᠵᠢᠯ ᠠᠴᠠ ᠨᠠᠰᠢ᠂ ᠰᠧ ᠳ᠋ᠤᠤ ᠸᠠᠨ ᠽᠢ ᠪᠠᠯᠭᠠᠰᠤ ᠤᠬᠠᠭᠤᠯᠤᠨ ᠳᠠᠶᠢᠴᠢᠯᠠᠬᠤ᠂ ᠬᠡᠯᠪᠡᠷᠢ ᠶᠢᠨ ᠰᠢᠨ᠎ᠡ ᠶᠢ ᠡᠭᠦᠳᠬᠦ ᠠᠴᠠ ᠭᠠᠷᠳᠠᠵᠤ᠂ ᠤᠯᠠᠨ ᠲᠠᠯᠠᠲᠤ ᠠᠵᠢᠯᠳᠠᠨ ᠡᠯᠰᠡᠬᠦ ᠠᠷᠭ᠎ᠠ ᠬᠡᠯᠪᠡᠷᠢ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠢᠯ ᠡᠷᠢᠭᠰᠡᠳ ᠨᠢᠭᠡᠪᠦᠷᠢ ᠳᠤ ᠥᠷᠭᠡᠨ ᠠᠭᠤᠳᠠᠮ ᠠᠵᠢᠯ ᠣᠯᠭᠤᠯᠲᠠ ᠶᠢᠨ ᠣᠷᠣᠨ ᠵᠠᠢ ᠠᠴᠠ ᠥᠪᠡᠷ ᠤᠨ ᠬᠦᠰᠡᠯᠡᠩ ᠤᠨ ᠢᠶᠠᠨ ᠣᠷᠣᠨ ᠪᠠᠶᠢᠷᠢ ᠶᠢ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠣᠯᠭᠤᠯᠲᠠ ᠶᠢᠨ ᠵᠠᠮ ᠢ ᠳᠡᠪᠢᠰᠪᠡ᠃    ᠤᠷᠢᠵᠤ ᠡᠯᠰᠡᠬᠦ ᠬᠤᠷᠠᠯ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠵᠢᠯ ᠤᠨ ᠡᠬᠢ ᠪᠠᠷ᠂ ᠡᠯ᠎ᠡ ᠲᠣᠰᠬᠤᠨ ᠤ ᠨᠡᠶᠢᠲᠡ 40 ᠭᠠᠷᠤᠶ ᠠᠵᠢᠯ ᠡᠷᠢᠬᠦ ᠬᠦᠰᠡᠯ ᠲᠠᠢ ᠬᠥᠮᠦᠰ ᠢ ᠢᠳᠡᠪᠬᠢᠲᠡᠶ ᠵᠣᠬᠢᠶᠠᠨ ᠪᠠᠶᠢᠭᠤᠯᠵᠤ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠬᠤᠷᠠᠯ ᠳᠤ ᠣᠷᠣᠯᠴᠠᠭᠤᠯᠪᠠ᠃ ᠠᠵᠢᠯᠲᠠᠨ ᠡᠯᠰᠡᠬᠦ ᠬᠤᠷᠠᠯ ᠤᠨ ᠲᠤᠬᠠᠶ ᠶᠢᠨ ᠲᠠᠯᠠᠪᠤᠷ ᠲᠤ ᠠᠵᠤ ᠠᠬᠤᠶᠢᠯᠠᠯ ᠪᠠ ᠠᠵᠢᠯ ᠡᠷᠢᠭᠰᠡᠳ ᠨᠢᠭᠤᠷᠳᠠᠨ ᠶᠠᠷᠢᠯᠴᠠᠬᠤ ᠪᠠᠷ ᠳᠠᠮᠵᠢᠭᠤᠯᠤᠨ᠂ ᠠᠵᠢᠯ ᠡᠷᠢᠭᠰᠡᠳ ᠦᠢᠯᠡᠳᠬᠦ ᠦᠢᠯᠡᠰ᠂ ᠦᠢᠯᠡᠴᠢᠯᠡᠭᠡᠨ ᠤ  ᠦᠢᠯᠡᠰ᠂ ᠲᠠᠷᠢᠶᠠᠯᠠᠩ ᠵᠡᠷᠭᠡ ᠣᠯᠠᠨ ᠠᠵᠢᠯ ᠲᠥᠷᠥᠯ ᠢ ᠣᠶᠢᠯᠠᠭᠠᠭᠰᠠᠨ ᠪᠥᠭᠡᠳ ᠲᠣᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ ᠠᠵᠢᠯᠯᠠᠭᠴᠢ᠂ ᠪᠣᠷᠣᠯᠠᠭᠤᠯᠤᠭᠴᠢ᠂ ᠮᠡᠷᠭᠡᠵᠢᠯᠲᠡᠨ ᠵᠡᠷᠭᠡ ᠠᠵᠢᠯ ᠲᠥᠷᠥᠯ ᠤᠨ ᠰᠢᠰᠲ᠋ᠧᠮ ᠤᠨ ᠠᠵᠢᠯ ᠤᠨ ᠪᠠᠶᠢᠷᠢ ᠶᠢ ᠣᠯᠤᠭᠰᠠᠨ ᠪᠠᠶᠢᠨ᠎ᠠ᠃    ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠮᠡᠳᠡᠭᠡ ᠵᠠᠩᠭᠢ ᠶᠢ ᠬᠦᠷᠭᠡᠨ᠎ᠡ᠃ ᠸᠢᠴᠠᠲ ᠤᠨ ᠴᠤᠭᠯᠠᠷᠠᠯ ᠢᠶᠠᠷ ᠳᠠᠮᠵᠢᠨ ᠠᠵᠢᠯᠲᠠᠨ ᠡᠯᠰᠡᠬᠦ ᠮᠡᠳᠡᠭᠡ ᠵᠠᠩᠭᠢ ᠶᠢ ᠨᠡᠶᠢᠲᠡᠯᠡᠵᠦ᠂ ᠡᠯ᠎ᠡ ᠲᠣᠰᠬᠤᠨ ᠲᠣᠰᠬᠤᠨ ᠤ ᠠᠷᠠᠳ ᠤᠨ ᠳᠤᠭᠤᠶᠢᠯᠠᠩ ᠤᠨ ᠸᠢᠴᠠᠲ ᠤᠨ ᠬᠤᠯᠪᠣᠭ᠎ᠠ ᠶᠢ ᠭᠦᠢᠴᠡᠳ ᠠᠰᠢᠭᠯᠠᠨ ᠳᠠᠮᠵᠢᠭᠤᠯᠤᠨ ᠲᠠᠷᠬᠠᠭᠠᠵᠤ ᠬᠤᠪᠢᠶᠠᠯᠴᠠᠨ ᠡᠳ᠋ᠯᠡᠵᠦ᠂  ᠴᠠᠭ ᠲᠤᠬᠠᠶ ᠳᠤᠨᠢ᠂  ᠪᠥᠬᠦ ᠲᠠᠯ᠎ᠠ ᠶᠢᠨ᠂ ᠣᠨᠣᠪᠴᠢᠲᠠᠶ ᠠᠵᠢᠯᠲᠠᠨ ᠡᠯᠰᠡᠬᠦ ᠮᠡᠳᠡᠭᠡ ᠵᠠᠩᠭᠢ ᠶᠢ ᠬᠠᠩᠭᠠᠵᠤ᠂ ᠠᠵᠢᠯ ᠡᠷᠢᠭᠰᠡᠳ ᠲᠤ ᠨᠢᠭᠡ ᠬᠤᠪᠢ ᠬᠠᠨᠤᠮᠵᠢᠲᠠᠶ ᠠᠵᠢᠯ ᠡᠷᠢᠯᠬᠢᠯᠡᠬᠦ ᠳᠤ ᠨᠠᠩ ᠣᠯᠠᠨ ᠪᠣᠯᠤᠯᠴᠠᠭ᠎ᠠ ᠬᠠᠩᠭᠠᠭᠰᠠᠨ ᠪᠠᠶᠢᠨ᠎ᠠ᠃    ᠲᠤᠰᠬᠤᠨ ᠤ ᠵᠠᠬ᠎ᠠ ᠳᠡᠯᠭᠡᠭᠦᠷ ᠢ ᠪᠠᠶᠢᠬᠤᠯᠤᠨ᠎ᠠ᠃ ᠰᠢᠶᠠ ᠱᠤ᠋ ᠯᠢᠨ ᠽᠢ ᠲᠣᠰᠬᠤᠨ᠂ ᠯᠢᠦ ᠳ᠋ᠤᠤ ᠸᠠᠨ ᠽᠢ ᠲᠣᠰᠬᠤᠨ ᠵᠡᠷᠭᠡ ᠵᠠᠰᠠᠭ ᠵᠠᠬᠢᠷᠭᠠᠨ ᠤ ᠲᠣᠰᠬᠤᠨ ᠤ ᠡᠭᠦᠳᠡᠨ ᠳᠤ ᠲᠤᠰᠬᠠᠶ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠵᠦ᠂ ᠠᠤᠬᠠᠨ ᠬᠤᠰᠢᠭᠤᠨ ᠤ ᠡᠳᠦᠷ ᠤᠨ ᠬᠦᠴᠦᠨ ᠤ ᠵᠠᠬ᠎ᠠ ᠳᠡᠯᠭᠡᠭᠦᠷ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠢᠶᠠᠷ ᠪᠦᠷᠢᠯᠳᠦᠭᠰᠡᠨ ᠠᠵᠢᠯᠲᠠᠨ ᠡᠯᠰᠡᠬᠦ ᠬᠥᠭᠦᠷᠭᠡ ᠶᠢ ᠪᠠᠶᠢᠭᠤᠯᠵᠤ᠂ ᠠᠵᠢᠯ ᠣᠯᠬᠤ ᠲᠣᠬᠢᠶᠠᠯ ᠢ ᠠᠵᠢᠯ ᠡᠷᠢᠭᠰᠡᠳ ᠤᠨ ᠡᠭᠦᠳᠡᠨ ᠳᠤ ᠬᠦᠷᠭᠡᠵᠦ᠂ ᠠᠳᠡᠬᠢ ᠠᠵᠤ ᠠᠬᠤᠶᠢᠯᠠᠯ ᠤᠳ ᠴᠢᠩ ᠦᠨᠡᠨᠴᠢ ᠰᠡᠳᠬᠢᠯᠭᠡ ᠪᠠ ᠠᠵᠢᠯ ᠤᠨ ᠪᠠᠶᠢᠷᠢ ᠪᠠᠨ ᠡᠪᠦᠷᠯᠡᠨ ᠢᠷᠡᠵᠦ᠂ ᠣᠶᠢᠷ᠎ᠠ ᠵᠠᠢ ᠠᠴᠠ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠢ ᠰᠣᠯᠢᠯᠴᠠᠵᠤ᠂ ᠠᠵᠢᠯ ᠣᠯᠭᠤᠯᠲᠠ ᠶᠢ ᠨᠠᠩ ᠳᠥᠭᠦᠮ ᠳᠥᠲᠡ ᠪᠠ ᠥᠨᠳᠥᠷ ᠪᠦᠲᠦᠮᠵᠢᠲᠡᠶ ᠪᠣᠯᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号