ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 72 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ  ᠬᠤᠷᠠᠯᠳᠤᠪᠠ
ᠨᠡᠶᠢᠲᠡᠯᠡᠭᠰᠡᠨ ᠴᠠᠭ᠄
2024/8/27
       8 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 72 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ  ᠬᠤᠷᠠᠯᠳᠤᠪᠠ᠃
C:\Users\Administrator\Desktop\1.jpg
    ᠬᠤᠷᠠᠯ ᠠᠴᠠ  ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠬᠠᠮᠢᠶ᠎ᠠ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ︔ ︽ᠠᠤᠬᠠᠨ ᠬᠤᠰᠢᠭᠤᠨ ᠤ ︿ᠲᠠᠪᠤᠨ ᠶᠡᠭᠡ ᠡᠭᠦᠷᠭᠡ﹀ ᠶᠢ ᠨᠠᠶᠢᠳᠠᠪᠤᠷᠢᠵᠢᠭᠤᠯᠬᠤ 2024 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ︔ ︽ᠵᠢᠷᠭᠤᠭᠠᠨ ᠢᠨᠵᠧᠨᠧᠷᠢᠩ︾ ᠢ ᠠᠬᠢᠭᠤᠯᠤᠭᠰᠠᠨ ᠪᠠᠶᠢᠳᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠨᠡᠶᠢᠲᠡᠯᠢᠭ ᠴᠢᠨᠠᠷᠲᠠᠶ ᠠᠰᠠᠭᠤᠳᠠᠯ ᠤᠨ ᠤᠷᠢᠳᠠᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠱᠤᠭᠤᠮ ᠤᠨ ᠪᠠᠶᠢᠳᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠵᠡᠷᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠠᠵᠤ ᠠᠬᠤᠢ ᠶᠢᠨ ᠪᠠᠶᠢᠳᠠᠯ ᠤᠨ ᠲᠤᠬᠠᠢ ᠨᠠᠮ ᠤᠨ ᠲᠥᠪ ᠬᠤᠷᠢᠶᠠᠨ ᠤ ᠰᠢᠨᠵᠢᠯᠡᠬᠦ ᠤᠬᠠᠭᠠᠨᠴᠢ ᠮᠠᠭᠠᠳᠯᠠᠯᠲᠠ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠳᠡᠵᠦ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ ᠂ ᠨᠡᠩ ᠶᠡᠭᠡ ᠡᠷᠴᠢᠮ ᠢᠶᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠲᠠᠲᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ︽ᠴᠤᠩᠬᠤᠪᠴᠢ ᠶᠢᠨ ᠬᠤᠭᠤᠴᠠᠭ᠎ᠠ︾ ᠶᠢ ᠵᠠᠪᠳᠤᠨ ᠠᠳᠬᠤᠵᠤ᠂ ᠤᠷᠢᠳᠴᠢᠯᠠᠨ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠨᠡᠩ ᠤᠯᠠᠨ ᠲᠦᠷᠦ ᠶᠢᠨ ᠪᠤᠳᠤᠯᠭ᠎ᠠ᠂ ᠲᠦᠷᠦᠯ ᠵᠦᠢᠯ᠂ ᠪᠡᠯᠡ ᠮᠥᠩᠭᠦ ᠶᠢᠨ ᠳᠡᠮᠵᠢᠯᠭᠡ ᠤᠯᠬᠤ ᠪᠠᠷ ᠴᠢᠷᠮᠠᠶᠢᠬᠤ ᠬᠡᠷᠡᠭᠲᠡᠢ᠃ ︽ᠲᠡᠦᠬᠡᠨ ᠠᠴᠠ ᠡᠮᠦᠨᠡᠬᠢ ᠰᠣᠶᠣᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ︾ ᠤᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠰᠣᠶᠣᠯ ᠤᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠱᠠᠯᠠᠪᠳᠠᠭᠤᠯᠤᠨ ᠵᠢᠯᠣᠭᠤᠳᠴᠤ ᠪᠠᠶᠢᠭᠠᠳ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠴᠡᠷᠢᠭ ᠠᠴᠠ ᠬᠠᠯᠠᠭᠳᠠᠭᠰᠠᠳ ᠢ ᠬᠦᠯᠢᠶᠡᠨ ᠠᠪᠴᠤ ᠲᠥᠪᠬᠢᠨᠡᠭᠦᠯᠬᠦ᠂ ᠣᠶᠢᠯᠡᠴᠢᠯᠡᠭᠡᠨ ᠤ ᠪᠠᠲᠤᠯᠠᠭ᠎ᠠ᠂ ᠰᠤᠷᠭᠠᠨ ᠬᠥᠮᠦᠵᠢᠯ ᠤᠨ ᠬᠠᠮᠢᠶᠠᠷᠤᠯᠲᠠ ᠵᠡᠷᠭᠡ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ︽ᠴᠡᠷᠢᠭ  ᠢ ᠬᠦᠨᠳᠦᠯᠡᠨ ᠴᠡᠷᠢᠭ ᠢ ᠡᠷᠬᠢᠮᠯᠡᠬᠦ᠂ ᠴᠡᠷᠢᠭ  ᠢ ᠬᠦᠷᠢᠶᠡᠯᠡᠨ ᠴᠡᠷᠢᠭ  ᠢ ᠬᠠᠶᠢᠷᠠᠯᠠᠬᠤ︾ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠦᠨᠳᠦᠰᠦᠨ ᠱᠠᠲᠤᠨ ᠤ ᠨᠡᠩ ᠤᠯᠠᠨ ᠴᠠᠭ ᠪᠠ ᠤᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠡᠭᠦᠷᠭᠡ ᠶᠢᠨ ᠨᠠᠷᠢᠨ ᠲᠠᠩᠰᠠ ᠲᠠᠢ ᠴᠢᠩᠭ᠎ᠠ ᠬᠠᠷᠭᠤᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠶᠢ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠵᠦᠢᠯ ᠵᠤᠷᠪᠤᠰ ᠳᠠᠷᠠᠭᠠᠯᠠᠨ ᠠᠬᠢᠭᠤᠯᠵᠤ᠂ ᠭᠦᠢᠴᠡᠳᠬᠡᠬᠦ ᠲᠤᠭ᠎ᠠ ᠶᠢ ᠬᠡᠷᠡᠭᠯᠡᠵᠦ ᠪᠠᠶᠢᠭᠠᠳ ᠠᠵᠢᠯ ᠤᠨ ᠦᠷ᠎ᠡ ᠪᠦᠲᠦᠮᠵᠢ ᠶᠢ ᠲᠤᠰᠬᠠᠬᠤ ᠶᠢ ᠪᠠᠷᠢᠮᠲᠠᠯᠠᠨ᠂ ᠳᠠᠷᠤᠯᠲᠠ ᠶᠢ ᠪᠣᠳᠠᠲᠠᠶᠢᠵᠢᠭᠤᠯᠬᠤ᠂ ᠠᠵᠢᠯ ᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠰᠠᠭᠤᠳᠠᠯ ᠤᠨ  ᠤᠷᠢᠳᠠᠴᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠩ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠱᠠᠯᠠᠪᠳᠠᠭᠤᠯᠤᠨ ᠵᠢᠯᠣᠭᠤᠳᠬᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ︽ᠣᠳᠣᠬᠢ ᠪᠠᠶᠢᠳᠠᠯ ᠢ ᠬᠠᠮᠢᠶᠠᠷᠴᠤ᠂ ᠠᠯᠤᠰ ᠬᠡᠳᠦ ᠳᠤ ᠠᠰᠢᠭᠲᠠᠢ ᠪᠠᠶᠢᠬᠤ︾ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠰᠠᠭᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠲᠦᠢᠯᠪᠤᠷᠢᠲᠠᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃    ᠬᠤᠷᠠᠯ ᠠᠴᠠ᠂ ᠭᠤᠤᠯ ᠱᠤᠭᠤᠮ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠪᠥᠬᠦ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠨᠠᠩ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ᠂  ᠲᠤᠭᠤᠰᠢᠯᠠᠭᠤᠯᠬᠤ ᠠᠵᠢᠯ ᠤᠨ ᠭᠤᠤᠯ ᠱᠤᠭᠤᠮ ᠢ ᠭᠦᠨᠵᠡᠭᠡᠶ ᠠᠬᠢᠭᠤᠯᠵᠤ᠂ ᠡᠯ᠎ᠡ ᠵᠦᠢᠯ ᠤᠨ ᠠᠵᠢᠯ ᠢ ᠴᠥᠮ ᠲᠤᠭᠤᠰᠢᠯᠠᠭᠤᠯᠬᠤ ᠠᠵᠢᠯ ᠤᠨ ᠭᠤᠤᠯ ᠱᠤᠭᠤᠮ ᠤᠨ ᠲᠣᠭᠤᠷᠢᠨ ᠳᠤ ᠥᠷᠨᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠨᠠᠮ ᠤᠨ ᠪᠠᠶᠢᠭᠤᠯᠤᠯᠲᠠ ᠶᠢᠨ ᠠᠵᠢᠯ ᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠠᠵᠢᠯ ᠤᠨ ᠣᠷᠴᠢᠨ ᠲᠣᠭᠤᠷᠢᠨ ᠪᠣᠯᠤᠨ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠵᠢᠭᠠᠨ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号