ᠰᠧ ᠳ᠋ᠤᠤ ᠸᠠᠨ ᠽᠢ ᠪᠠᠯᠭᠠᠰᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2024/8/28
         ᠡᠨᠡ ᠵᠢᠯ ᠠᠴᠠ ᠨᠠᠰᠢ᠂ ᠰᠧ ᠳ᠋ᠤᠤ ᠸᠠᠨ ᠽᠢ ᠪᠠᠯᠭᠠᠰᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠠᠷᠭ᠎ᠠ ᠬᠡᠯᠪᠡᠷᠢ ᠪᠠᠨ ᠢᠳᠡᠪᠬᠢᠲᠡᠢ ᠰᠢᠨᠡᠴᠢᠯᠡᠵᠦ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠪᠣᠯᠤᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ᠪᠦᠬᠦ ᠪᠠᠯᠭᠠᠰᠤᠨ ᠤ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠢ ᠬᠡᠮᠵᠢᠶ᠎ᠡ ᠦᠷᠭᠦᠯᠵᠢᠯᠡᠨ ᠪᠠᠭᠤᠷᠠᠵᠤ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠪᠠ᠃      ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠲᠣᠰ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠢᠮᠠᠭᠲᠠ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠪᠠᠯᠭᠠᠰᠤᠨ ᠤ ᠭᠤᠤᠯ ᠤᠳᠤᠷᠢᠳᠤᠯᠭ᠎ᠠ ᠶᠢᠨ ᠨᠢᠭᠡᠳᠦᠭᠡᠷ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠶᠢᠨ ᠪᠣᠳᠠᠲᠠᠶ ᠬᠠᠷᠢᠭᠤᠴᠠᠯᠭᠠᠲᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ ᠢ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠰᠡᠳᠦᠪᠲᠦ ᠬᠤᠷᠠᠯ᠂ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠨᠢᠭᠡᠪᠦᠷᠢ ᠪᠠ ᠴᠤᠬᠤᠶᠢᠯᠲᠠ ᠶᠢᠨ ᠴᠢᠨᠠᠷᠲᠠᠶ ᠠᠰᠠᠭᠤᠳᠠᠯ ᠨᠢᠭᠡᠪᠦᠷᠢ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠪᠠ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠴᠣᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠬᠦ ᠶᠢ ᠦᠨᠡᠨ ᠬᠦ  ᠪᠠᠲᠤᠯᠠᠬᠤ ᠬᠡᠷᠡᠭᠲᠡᠢ᠃    ᠬᠤᠶᠠᠷ ᠲᠤ᠂ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠵᠥᠷᠢᠴᠡᠯ ᠢ ᠠᠷᠢᠯᠭᠠᠬᠤ ᠶᠢ  ᠴᠢᠩᠭᠠᠳᠬᠠᠪᠠ᠃ ᠲᠣᠣᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠳᠤ ᠲᠦᠰᠢᠭᠯᠡᠨ᠂ ᠺᠠᠳ᠋ᠷ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠵᠢᠷᠭᠤᠭ᠎ᠠ ᠶᠢ ᠰᠡᠷᠭᠡᠶᠢᠯᠡᠵᠦ ᠵᠢᠷᠭᠤᠭ᠎ᠠ ᠶᠢ ᠠᠬᠢᠭᠤᠯᠬᠤ︾ ᠠᠰᠠᠭᠤᠳᠠᠯ  ᠢ ᠭᠤᠤᠯᠳᠠᠯᠭ᠎ᠠ ᠲᠠᠢ ᠬᠠᠷᠢᠴᠠᠭᠤᠯᠤᠨ᠂ ᠡᠳᠦᠷ ᠪᠦᠷᠢ ᠵᠢᠭᠰᠠᠭᠠᠨ ᠪᠠᠶᠢᠴᠠᠭᠠᠵᠤ ᠨᠠᠮᠳᠠᠭᠤᠯᠤᠨ᠂ ᠦᠷᠭᠦᠯᠵᠢᠯᠡᠭᠰᠡᠨ ᠮᠠᠶ᠋ᠢᠭ ᠤᠨ᠂ ᠲᠣᠤᠷ ᠲᠠᠲᠠᠬᠤ ᠮᠠᠶ᠋ᠢᠭ ᠢᠶᠠᠷ ᠵᠢᠭᠰᠠᠭᠠᠨ ᠪᠠᠶᠢᠴᠠᠭᠠᠬᠤ ᠶᠢ ᠬᠡᠷᠡᠭᠵᠢᠭᠦᠯᠵᠦ᠂ ᠡᠯ᠎ᠡ ᠲᠣᠰᠬᠤᠨ ᠡᠳᠦᠷ ᠪᠦᠷᠢ ᠵᠠᠬᠢᠳᠠᠯ ᠰᠤᠷᠪᠤᠯᠵᠢᠯᠠᠭ᠎ᠠ ᠶᠢᠨ ᠳᠠᠯᠳᠠ ᠬᠡᠮ ᠢ ᠳᠡᠭᠡᠭᠰᠢ ᠮᠡᠳᠡᠭᠦᠯᠬᠦ ᠶᠢᠨ ᠬᠠᠮᠲᠤ ᠠᠵᠢᠯ ᠤᠨ ᠡᠬᠡ ᠲᠠᠩᠰᠠ ᠪᠠᠶᠢᠭᠤᠯᠬᠤ ᠬᠡᠷᠡᠭᠲᠡᠶ᠃    ᠭᠤᠷᠪᠠ ᠳᠤ᠂ ᠲᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠵᠢᠯ ᠤᠨ ᠦᠷ᠎ᠡ ᠪᠦᠲᠦᠮᠵᠢ ᠶᠢ  ᠳᠡᠭᠡᠭᠰᠢᠯᠡᠭᠦᠯᠪᠡ᠃ ᠤᠳᠤᠷᠢᠳᠤᠯᠭ᠎ᠠ ᠬᠡᠷᠡᠭ ᠳᠠᠭᠠᠭᠠᠴᠢᠯᠠᠬᠤ ᠲᠦᠷᠢᠮ ᠪᠠ ᠡᠭᠡᠯᠵᠢᠯᠡᠨ ᠰᠤᠷᠪᠤᠯᠵᠢᠯᠠᠭ᠎ᠠ ᠬᠦᠯᠢᠶᠡᠬᠦ ᠲᠦᠷᠢᠮ ᠢ ᠨᠠᠶᠢᠳᠠᠪᠤᠷᠢᠵᠢᠭᠤᠯᠵᠤ᠂ ︽ᠳᠥᠷᠪᠡ ᠶᠢ ᠳᠠᠭᠠᠭᠠᠴᠢᠯᠠᠵᠤ ᠳᠥᠷᠪᠡ ᠶᠢ ᠲᠣᠭᠲᠠᠭᠠᠬᠤ︾ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ︾ ᠪᠠ ︽ᠬᠡᠨ ᠭᠤᠤᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ ᠂ ᠡᠯ᠎ᠡ ᠲᠣᠰᠬᠤᠨ ᠤ ᠰᠠᠯᠠᠭᠠᠨ ᠤ ᠲᠠᠰ ᠤᠨ ᠺᠠᠳ᠋ᠷ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠵᠦ᠂ ᠲᠣᠰᠬᠤᠨ ᠢ ᠳᠠᠭᠠᠭᠠᠴᠢᠯᠠᠭᠰᠠᠨ ᠺᠠᠳ᠋ᠷ᠂ ᠲᠣᠰᠬᠤᠨ ᠤ ᠨᠠᠮ ᠤᠨ ᠡᠭᠦᠷ ᠤᠨ ᠱᠦᠵᠢ ᠰᠢᠭᠤᠳ ᠬᠠᠷᠢᠭᠤᠴᠠᠯᠭ᠎ᠠ ᠶᠢ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃    ᠲᠦᠷᠪᠡ ᠳᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠯᠠᠨ ᠲᠦᠮᠡᠨ ᠤ ᠤᠬᠠᠮᠰᠠᠷ ᠢ ᠳᠡᠭᠡᠭᠰᠢᠯᠡᠭᠦᠯᠪᠡ᠃ ᠸᠢᠴᠠᠲ᠂ ᠬᠥᠨᠳᠡᠯᠡᠨ ᠪᠢᠴᠢᠭᠡᠰᠦ᠂ ᠤᠬᠠᠭᠤᠯᠭ᠎ᠠ ᠶᠢᠨ ᠪᠤᠯᠤᠩ ᠵᠡᠷᠭᠡ ᠣᠯᠠᠨ ᠵᠦᠢᠯ ᠤᠨ ᠬᠡᠯᠪᠡᠷᠢ ᠶᠢ ᠭᠦᠢᠴᠡᠳ ᠠᠰᠢᠭᠯᠠᠨ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠵᠠᠬᠢᠳᠠᠯ ᠰᠤᠷᠪᠤᠯᠵᠢᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠣᠯᠠᠨ ᠲᠦᠮᠡᠨ ᠤ ᠬᠠᠤᠯᠢ ᠶᠣᠰᠣᠭᠠᠷ ᠵᠠᠬᠢᠳᠠᠯ ᠰᠤᠷᠪᠤᠯᠵᠢᠯᠠᠯ ᠤᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠡᠷᠡᠭ ᠢᠶᠠᠷ ᠬᠠᠤᠯᠢ ᠶᠠᠷᠢᠵᠤ᠂ ᠣᠯᠠᠨ ᠲᠦᠮᠡᠨ ᠳᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠣᠶᠢᠯᠠᠭᠠᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠣᠰᠣᠨ ᠤ ᠠᠷᠭ᠎ᠠ ᠵᠠᠮ ᠢᠶᠠᠷ ᠳᠠᠮᠵᠢᠭᠤᠯᠤᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠵᠦ᠂ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ  ᠢ  ᠨᠢ ᠬᠠᠮᠠᠭᠠᠯᠠᠭᠤᠯᠬᠤ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号