ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠲᠡᠦᠬᠡ ᠰᠣᠶᠣᠯ ᠤᠨ ᠬᠠᠮᠠᠭᠠᠯᠠᠯᠲᠠ ᠶᠢᠨ ᠠᠵᠢᠯ ᠤᠨ ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/8/28
       ︽ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠬᠤ ᠲᠤᠬᠠᠶ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠤᠬᠠᠨ ᠬᠤᠰᠢᠭᠤᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠲᠡᠦᠬᠡ ᠰᠣᠶᠣᠯ ᠤᠨ ᠥᠪ ᠢ ᠰᠢᠰᠲ᠋ᠧᠮ ᠲᠠᠢ ᠪᠠᠷ ᠬᠠᠮᠠᠭᠠᠯᠠᠵᠤ᠂ ᠠᠰᠢᠭᠯᠠᠵᠤ᠂ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠥᠷᠭᠡᠨ ᠣᠯᠠᠨ ᠲᠦᠮᠡᠨ ᠪᠠ ᠵᠠᠭᠤᠴᠢᠯᠠᠭᠤᠷ ᠤᠨ ᠲᠡᠦᠬᠡ ᠰᠣᠶᠣᠯ ᠤᠨ ᠬᠠᠮᠠᠭᠠᠯᠠᠯᠲᠠ ᠶᠢᠨ ᠠᠵᠢᠯ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠳᠣᠤᠷᠠᠬᠢ ᠠᠰᠠᠭᠤᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠮᠠᠨ ᠤ ᠲᠣᠪᠴᠢᠶ᠎ᠠ ᠳᠤ ᠰᠦᠪᠡᠭᠴᠢ ᠬᠠᠩᠭᠠᠭᠠᠷᠠᠢ᠄    ᠨᠢᠭᠡ᠂ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠤᠬᠠᠶ ᠴᠢᠬᠤᠯᠠ ᠥᠭᠦᠯᠡᠯᠲᠡ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠣᠶᠣᠯ ᠤᠨ ᠥᠪ ᠢ ᠬᠠᠮᠠᠭᠠᠯᠠᠬᠤ ᠲᠤᠬᠠᠶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠥᠬᠡᠶ ᠵᠡᠷᠭᠡ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠃    ᠬᠤᠶᠠᠷ᠂ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠥᠬᠡᠶ᠂ ᠲᠣᠭᠲᠠᠭᠠᠯ ᠠᠴᠠ ᠵᠥᠷᠢᠴᠡᠨ  ᠰᠢᠢᠳᠪᠦᠷᠢᠲᠦ ᠪᠣᠳᠣᠯᠭ᠎ᠠ ᠲᠣᠭᠲᠠᠭᠠᠭᠰᠠᠨ᠂ ᠡᠷᠬᠡ ᠠᠴᠠ ᠪᠠᠨ ᠳᠠᠪᠠᠵᠤ ᠬᠢᠨᠠᠨ ᠵᠥᠪᠰᠢᠶᠡᠷᠡᠬᠦ᠂ ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠬᠤ ᠵᠡᠷᠭᠡ ᠰᠣᠶᠣᠯ ᠤᠨ ᠥᠪ ᠢ ᠡᠪᠳᠡᠭᠰᠡᠨ ᠠᠰᠠᠭᠤᠳᠠᠯ ᠤᠨ ᠰᠦᠪᠡᠭᠴᠢ ᠃    ᠭᠤᠷᠪᠠ᠂ ᠰᠣᠶᠣᠯ ᠤᠨ ᠥᠪ ᠬᠥᠷᠥᠩᠭᠡ ᠶᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠠᠶᠢᠴᠠᠭᠠᠬᠤ ᠦᠭᠡᠶ᠂ ᠲᠣᠷᠭᠠᠬᠤ ᠪᠠᠷ ᠡᠷᠡᠭᠦᠦ ᠰᠢᠳᠬᠡᠯ ᠢ ᠣᠷᠣᠯᠠᠭᠤᠯᠬᠤ᠂ ᠦᠮᠦᠭᠯᠡᠨ ᠬᠠᠮᠠᠭᠠᠯᠠᠵᠤ ᠳᠤᠷ᠎ᠠ ᠪᠠᠷ ᠨᠢ ᠲᠠᠯᠪᠢᠬᠤ ᠵᠡᠷᠭᠡ ᠠᠰᠠᠭᠤᠳᠠᠯ ᠤᠨ ᠰᠦᠪᠡᠭᠴᠢ᠃    ᠳᠥᠷᠪᠡ᠂ ᠪᠤᠰᠤᠳ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠶᠢᠨ ᠠᠰᠠᠭᠤᠳᠠᠯ ᠤᠨ ᠰᠦᠪᠡᠭᠴᠢ᠃    ᠡᠳᠦᠭᠡ ᠲᠡᠦᠬᠡ ᠰᠣᠶᠣᠯ ᠢ ᠬᠠᠮᠠᠭᠠᠯᠠᠬᠤ ᠠᠵᠢᠯ ᠤᠨ ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠵᠦ᠂ ᠥᠷᠭᠡᠨ ᠣᠯᠠᠨ ᠲᠦᠮᠡᠨ᠂ ᠵᠠᠭᠤᠴᠢᠯᠠᠭᠤᠷ ᠤᠨ ᠬᠢᠨ ᠬᠠᠮᠢᠶ᠎ᠠ ᠪᠥᠬᠦᠶ ᠰᠦᠪᠡᠭᠴᠢ ᠶᠢ ᠢᠳᠡᠪᠬᠢᠲᠡᠶ ᠬᠠᠩᠭᠠᠬᠤ ᠶᠢ ᠬᠦᠰᠡᠵᠦ ᠪᠠᠶᠢᠨ᠎ᠠ᠃    ᠢᠯᠡᠴᠢᠯᠡᠨ ᠮᠡᠳᠡᠭᠦᠯᠬᠦ ᠤᠲᠠᠰᠤ᠄ 0476—4300611    ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30— 12᠄ 00    ᠦᠳᠡ ᠶᠢᠨ ᠬᠤᠶᠢᠨᠠᠬᠢ 14᠄ 30 —17᠄ 30    ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ  ᠶᠢᠨ ᠲᠣᠪᠴᠢᠶ᠎ᠠ           2024 ᠣᠨ ᠤ 8 ᠰᠠᠷ᠎ᠠ ᠶᠢᠨ 27 ᠤ ᠡᠳᠦᠷ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号