| ︽ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠲᠡᠦᠬᠡ ᠰᠣᠶᠣᠯ ᠢ ᠬᠠᠮᠠᠭᠠᠯᠠᠨ ᠤᠯᠠᠮᠵᠢᠯᠠᠬᠤ ᠶᠢ | ᠴᠢᠩᠭᠠᠳᠬᠠᠬᠤ ᠲᠤᠬᠠᠶ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠤᠬᠠᠨ | ᠬᠤᠰᠢᠭᠤᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠲᠡᠦᠬᠡ ᠰᠣᠶᠣᠯ ᠤᠨ ᠥᠪ ᠢ | ᠰᠢᠰᠲ᠋ᠧᠮ ᠲᠠᠢ ᠪᠠᠷ ᠬᠠᠮᠠᠭᠠᠯᠠᠵᠤ᠂ ᠠᠰᠢᠭᠯᠠᠵᠤ᠂ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠥᠷᠭᠡᠨ ᠣᠯᠠᠨ ᠲᠦᠮᠡᠨ | ᠪᠠ ᠵᠠᠭᠤᠴᠢᠯᠠᠭᠤᠷ ᠤᠨ ᠲᠡᠦᠬᠡ ᠰᠣᠶᠣᠯ ᠤᠨ ᠬᠠᠮᠠᠭᠠᠯᠠᠯᠲᠠ ᠶᠢᠨ ᠠᠵᠢᠯ ᠳᠤ ᠢᠳᠡᠪᠬᠢᠲᠡᠶ ᠣᠷᠣᠯᠴᠠᠬᠤ ᠶᠢ | ᠵᠣᠷᠢᠭᠵᠢᠭᠤᠯᠵᠤ᠂ ᠳᠣᠤᠷᠠᠬᠢ ᠠᠰᠠᠭᠤᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠮᠠᠨ ᠤ ᠲᠣᠪᠴᠢᠶ᠎ᠠ ᠳᠤ | ᠰᠦᠪᠡᠭᠴᠢ ᠬᠠᠩᠭᠠᠭᠠᠷᠠᠢ᠄ | ᠨᠢᠭᠡ᠂ ᠶᠡᠷᠦᠩᠬᠡᠶ ᠱᠦᠵᠢ ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠤᠬᠠᠶ | ᠴᠢᠬᠤᠯᠠ ᠥᠭᠦᠯᠡᠯᠲᠡ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ | ᠰᠣᠶᠣᠯ ᠤᠨ ᠥᠪ ᠢ ᠬᠠᠮᠠᠭᠠᠯᠠᠬᠤ ᠲᠤᠬᠠᠶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠥᠬᠡᠶ ᠵᠡᠷᠭᠡ ᠤᠯᠤᠰ ᠲᠥᠷᠥ ᠶᠢᠨ ᠰᠠᠬᠢᠯᠭ᠎ᠠ ᠪᠠᠲᠤ ᠪᠠ | ᠤᠯᠤᠰ ᠲᠥᠷᠥ ᠶᠢᠨ ᠶᠣᠰᠣ ᠲᠦᠷᠢᠮ ᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠃ | ᠬᠤᠶᠠᠷ᠂ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠥᠬᠡᠶ᠂ ᠲᠣᠭᠲᠠᠭᠠᠯ ᠠᠴᠠ | ᠵᠥᠷᠢᠴᠡᠨ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ᠂ ᠡᠷᠬᠡ ᠠᠴᠠ ᠪᠠᠨ ᠳᠠᠪᠠᠵᠤ ᠬᠢᠨᠠᠨ ᠵᠥᠪᠰᠢᠶᠡᠷᠡᠬᠦ᠂ | ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠬᠤ ᠵᠡᠷᠭᠡ ᠰᠣᠶᠣᠯ ᠤᠨ ᠥᠪ ᠢ ᠡᠪᠳᠡᠭᠰᠡᠨ ᠠᠰᠠᠭᠤᠳᠠᠯ ᠤᠨ | ᠰᠦᠪᠡᠭᠴᠢ ᠃ | ᠭᠤᠷᠪᠠ᠂ ᠰᠣᠶᠣᠯ ᠤᠨ ᠥᠪ ᠬᠥᠷᠥᠩᠭᠡ ᠶᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ | ᠪᠠᠶᠢᠴᠠᠭᠠᠬᠤ ᠦᠭᠡᠶ᠂ ᠲᠣᠷᠭᠠᠬᠤ ᠪᠠᠷ ᠡᠷᠡᠭᠦᠦ ᠰᠢᠳᠬᠡᠯ ᠢ ᠣᠷᠣᠯᠠᠭᠤᠯᠬᠤ᠂ ᠦᠮᠦᠭᠯᠡᠨ ᠬᠠᠮᠠᠭᠠᠯᠠᠵᠤ ᠳᠤᠷ᠎ᠠ ᠪᠠᠷ ᠨᠢ | ᠲᠠᠯᠪᠢᠬᠤ ᠵᠡᠷᠭᠡ ᠠᠰᠠᠭᠤᠳᠠᠯ ᠤᠨ ᠰᠦᠪᠡᠭᠴᠢ᠃ | ᠳᠥᠷᠪᠡ᠂ ᠪᠤᠰᠤᠳ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠶᠢᠨ ᠠᠰᠠᠭᠤᠳᠠᠯ ᠤᠨ ᠰᠦᠪᠡᠭᠴᠢ᠃ | ᠡᠳᠦᠭᠡ ᠲᠡᠦᠬᠡ ᠰᠣᠶᠣᠯ ᠢ ᠬᠠᠮᠠᠭᠠᠯᠠᠬᠤ ᠠᠵᠢᠯ ᠤᠨ ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠬᠦ | ᠤᠲᠠᠰᠤ ᠶᠢ ᠨᠡᠶᠢᠲᠡᠯᠡᠵᠦ᠂ ᠥᠷᠭᠡᠨ ᠣᠯᠠᠨ ᠲᠦᠮᠡᠨ᠂ ᠵᠠᠭᠤᠴᠢᠯᠠᠭᠤᠷ ᠤᠨ ᠬᠢᠨ ᠬᠠᠮᠢᠶ᠎ᠠ ᠪᠥᠬᠦᠶ ᠰᠦᠪᠡᠭᠴᠢ ᠶᠢ | ᠢᠳᠡᠪᠬᠢᠲᠡᠶ ᠬᠠᠩᠭᠠᠬᠤ ᠶᠢ ᠬᠦᠰᠡᠵᠦ ᠪᠠᠶᠢᠨ᠎ᠠ᠃ | ᠢᠯᠡᠴᠢᠯᠡᠨ ᠮᠡᠳᠡᠭᠦᠯᠬᠦ ᠤᠲᠠᠰᠤ᠄ 0476—4300611 | ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30— 12᠄ | 00 | ᠦᠳᠡ ᠶᠢᠨ ᠬᠤᠶᠢᠨᠠᠬᠢ 14᠄ 30 —17᠄ 30 | ᠠᠤᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ | ᠲᠣᠪᠴᠢᠶ᠎ᠠ | 2024 ᠣᠨ ᠤ 8 ᠰᠠᠷ᠎ᠠ ᠶᠢᠨ 27 ᠤ ᠡᠳᠦᠷ | | |