ᠴᠠᠩ ᠱᠧᠩ ᠪᠠᠯᠭᠠᠰᠤ᠄ ᠬᠥᠳᠡᠭᠡ ᠲᠣᠰᠬᠤᠨ ᠤ ᠨᠡᠭᠦᠳᠡᠯ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/8/29
        ᠨᠡᠭᠦᠳᠡᠯ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠴᠠᠩ ᠱᠧᠩ ᠪᠠᠯᠭᠠᠰᠤ ︽ᠭᠤᠷᠪᠠᠨ ᠠᠷᠭ᠎ᠠ ᠬᠡᠮᠵᠢᠶ᠎ᠡ︾ ᠪᠠᠷ ᠬᠥᠳᠡᠭᠡ ᠲᠣᠰᠬᠤᠨ ᠤ ᠨᠡᠭᠦᠳᠡᠯ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠨᠡᠭᠦᠳᠡᠯ ᠨᠠᠮ ᠤᠨ ᠭᠡᠰᠢᠭᠦᠨ ᠢ ᠦᠨᠡᠨ ᠬᠦ ᠣᠨᠳᠣᠣ ᠭᠠᠵᠠᠷ ᠲᠤ ︽ᠭᠡᠷ ᠲᠠᠢ︾ ᠪᠣᠯᠭᠠᠵᠤ᠂ ᠭᠠᠳᠠᠭᠰᠢ ᠭᠠᠷᠬᠤ ᠳᠤ ᠬᠠᠷᠢᠭᠤᠴᠠᠯᠭ᠎ᠠ ᠲᠠᠢ ᠪᠣᠯᠭᠠᠪᠠ᠃    ᠬᠠᠶᠢᠷ᠎ᠠ ᠬᠠᠯᠠᠮᠵᠢ ᠶᠢ ᠴᠢᠩᠭᠠᠳᠬᠠᠵᠤ᠂ ︽ᠬᠠᠷᠢᠯᠴᠠᠬᠤ ᠳᠤ ᠬᠦᠴᠢᠷ︾ ᠪᠠᠶᠢᠬᠤ ᠠᠰᠠᠭᠤᠳᠠᠯ ᠢ  ᠰᠢᠢᠳᠪᠦᠷᠢᠯᠡᠨ᠎ᠡ᠃ ᠴᠠᠩ ᠱᠧᠩ ᠪᠠᠯᠭᠠᠰᠤ ᠨᠡᠭᠦᠳᠡᠯ ᠨᠠᠮ ᠤᠨ ᠭᠡᠰᠢᠭᠦᠨ ᠤ ᠲᠤᠰᠬᠠᠶ ᠬᠥᠮᠦᠨ ᠲᠠᠢ ᠬᠠᠷᠢᠯᠴᠠᠬᠤ ᠲᠦᠷᠢᠮ ᠢ ᠪᠠᠶᠢᠭᠤᠯᠵᠤ᠂ ᠨᠢᠭᠡ ᠨᠢᠭᠡ ᠪᠠᠷ ᠰᠣᠯᠢᠯᠴᠠᠬᠤ ᠶᠢ ᠬᠡᠷᠡᠭᠵᠢᠭᠦᠯᠦᠨ᠂ ᠨᠡᠭᠦᠳᠡᠯ ᠨᠠᠮ ᠤᠨ ᠭᠡᠰᠢᠭᠦᠨ ᠲᠠᠢ ᠪᠠᠶᠢᠩᠭᠤ ᠶᠢᠨ ᠴᠢᠨᠠᠷᠲᠠᠶ ᠬᠠᠷᠢᠯᠴᠠᠬᠤ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠤᠲᠠᠰᠤ ᠪᠠᠷ ᠬᠠᠷᠢᠭᠤ ᠰᠤᠷᠪᠤᠯᠵᠢᠯᠠᠵᠤ᠂ ᠨᠡᠭᠦᠳᠡᠯ ᠨᠠᠮ ᠤᠨ ᠭᠡᠰᠢᠭᠦᠨ ᠤ ᠦᠵᠡᠯ ᠰᠠᠨᠠᠭᠠᠨ ᠤ ᠬᠥᠳᠡᠯᠦᠯ ᠪᠠᠶᠢᠳᠠᠯ ᠵᠢᠴᠢ ᠪᠣᠳᠠᠲᠠᠶ ᠬᠦᠴᠢᠷᠳᠡᠯ ᠢ ᠭᠦᠨᠵᠡᠭᠡᠶ ᠣᠶᠢᠯᠠᠭᠠᠵᠤ᠂ ︽ᠬᠠᠨᠳᠤᠯᠭᠠᠲᠤ ᠴᠢᠨᠠᠷᠲᠠᠶ︾ ᠬᠠᠷᠢᠯᠴᠠᠬᠤ ᠦᠢᠯᠡᠴᠢᠯᠡᠭᠡ ᠶᠢ ᠥᠷᠨᠢᠭᠦᠯᠵᠦ ᠂ ᠲᠤᠰᠬᠠᠶ ᠬᠥᠮᠦᠨ ᠢᠶᠠᠷ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠵᠤ᠂ ᠠᠮᠢᠳᠤᠷᠠᠯ ᠨᠢ ᠬᠦᠴᠢᠷᠳᠡᠯᠲᠡᠶ ᠨᠡᠭᠦᠳᠡᠯ ᠨᠠᠮ ᠤᠨ ᠭᠡᠰᠢᠭᠦᠨ ᠤ ᠬᠡᠷ ᠲᠠᠬᠢ ᠨᠠᠰᠤᠲᠠᠨ᠂ ᠬᠡᠤᠬᠡᠳ ᠢ ᠲᠣᠬᠤᠨᠢᠭᠤᠯᠵᠤ᠂ ᠨᠡᠭᠦᠳᠡᠯ ᠨᠠᠮ ᠤᠨ ᠭᠡᠰᠢᠭᠦᠳ ᠲᠤ ᠴᠤ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠴᠠᠭ ᠢᠮᠠᠭᠲᠠ ᠮᠡᠳᠡᠷᠡᠭᠦᠯᠦᠨ᠎ᠡ᠃ ᠡᠭᠦᠨ ᠤ ᠬᠠᠮᠲᠤ ᠰᠢᠯᠢᠳᠡᠭ ᠨᠡᠭᠦᠳᠡᠯ ᠨᠠᠮ ᠤᠨ ᠭᠡᠰᠢᠭᠦᠨ ᠢ ᠡᠭᠡᠭᠦᠯᠦᠨ ᠳᠠᠭᠠᠭᠤᠯᠵᠤ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠵᠣᠬᠢᠶᠠᠨ ᠪᠠᠶᠢᠭᠤᠯᠵᠤ ᠵᠣᠬᠢᠴᠠᠭᠤᠯᠬᠤ ᠴᠢᠳᠠᠪᠤᠷᠢ ᠪᠠᠷ ᠨᠡᠯᠢᠶᠡᠳ ᠴᠢᠩᠭ᠎ᠠ᠂ ᠰᠣᠶᠣᠯ ᠤᠨ ᠲᠦᠪᠰᠢᠨ ᠢᠶᠠᠷ ᠥᠨᠳᠥᠷ᠂ ᠴᠢᠨᠡᠭᠡᠯᠢᠭᠵᠢᠭᠦᠯᠬᠦ ᠴᠢᠳᠠᠪᠤᠷᠢ ᠲᠠᠢ ᠨᠡᠭᠦᠳᠡᠯ ᠨᠠᠮ ᠤᠨ ᠭᠡᠰᠢᠭᠦᠨ ᠢ ᠲᠡᠳᠡᠨ ᠤ ᠴᠠᠩ ᠱᠧᠩ ᠪᠠᠯᠭᠠᠰᠤᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠠᠭᠤᠰᠤᠯᠴᠠᠬᠤ ᠶᠢ ᠵᠣᠷᠢᠭᠵᠢᠭᠤᠯᠵᠤ᠂ ᠨᠠᠮ ᠤᠨ ᠭᠡᠰᠢᠭᠦᠨ ᠤ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠨᠤᠲᠤᠭ ᠤᠰᠤᠨ ᠳᠠᠭᠠᠨ ᠠᠴᠢ ᠲᠤᠰᠠ ᠨᠡᠮᠡᠷᠢᠯᠡᠨ᠎ᠡ᠃    ᠬᠥᠳᠡᠯᠦᠩᠭᠦᠶ ᠪᠠᠷ  ᠪᠠᠶᠢᠴᠠᠭᠠᠬᠤ ᠶᠢ ᠬᠡᠷᠡᠭᠵᠢᠭᠦᠯᠵᠦ᠂ ︽ᠬᠠᠮᠢᠶᠠᠷᠬᠤ ᠳᠤ ᠬᠦᠴᠢᠷ︾ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠨᠡᠭᠦᠳᠡᠯ ᠨᠠᠮ ᠤᠨ ᠭᠡᠰᠢᠭᠦᠨ ᠤ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠨᠡᠭᠦᠳᠡᠯ ᠨᠠᠮ ᠤᠨ ᠭᠡᠰᠢᠭᠦᠨ ᠤ ᠮᠡᠳᠡᠭᠡ ᠵᠠᠩᠭᠢ ᠶᠢ ︽ᠲᠠᠩᠰᠠ︾ ᠲᠠᠢ ᠪᠣᠯᠭᠠᠨ᠎ᠠ᠃ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠡᠭᠦᠳᠡᠯ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠨᠡᠭᠦᠳᠡᠯ ᠨᠠᠮ ᠤᠨ ᠭᠡᠰᠢᠭᠦᠨ ᠨᠢᠭᠡᠪᠦᠷᠢ ᠳᠤ ᠬᠤᠯᠪᠣᠭᠠᠴᠢᠨ ᠲᠣᠭᠲᠠᠭᠠᠵᠤ᠂ ᠰᠠᠷ᠎ᠠ ᠪᠦᠷᠢ ᠨᠡᠭᠦᠳᠡᠯ ᠨᠠᠮ ᠤᠨ ᠭᠡᠰᠢᠭᠦᠨ ᠲᠠᠢ ᠨᠢᠭᠡ ᠤᠳᠠᠭ᠎ᠠ ᠪᠥᠬᠦ ᠲᠠᠯ᠎ᠠ ᠪᠠᠷ ᠵᠣᠯᠭᠠᠭᠤᠯᠤᠨ ᠬᠠᠷᠢᠯᠴᠠᠵᠤ᠂ ᠨᠠᠮ ᠤᠨ ᠭᠡᠰᠢᠭᠦᠨ ᠤ ᠠᠵᠢᠯ ᠪᠠ ᠠᠮᠢᠳᠤᠷᠠᠯ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃ ᠬᠠᠮᠢᠶᠠᠷᠤᠯᠲᠠ ᠶᠢᠨ ᠡᠬᠡ ᠲᠠᠩᠰᠠ ᠶᠢ ᠰᠠᠶᠢᠲᠤᠷ ᠪᠠᠶᠢᠭᠤᠯᠵᠤ᠂ ︽ᠡᠩ ᠤᠨ ᠦᠶ᠎ᠡ ᠳᠤ ᠴᠤᠭᠯᠠᠭᠤᠯᠬᠤ᠂ ᠲᠥᠪᠯᠡᠷᠡᠭᠦᠯᠦᠨ ᠴᠤᠭᠯᠠᠭᠤᠯᠬᠤ᠂ ᠰᠠᠷ᠎ᠠ ᠪᠠᠷ ᠬᠤᠷᠢᠶᠠᠩᠭᠤᠶᠢᠯᠠᠬᠤ᠂ ᠤᠯᠠᠷᠢᠯ ᠢᠶᠠᠷ ᠰᠢᠨᠡᠳᠬᠡᠬᠦ︾ ᠮᠡᠳᠡᠭᠡ ᠵᠠᠩᠭᠢ ᠴᠤᠭᠯᠠᠭᠤᠯᠬᠤ ᠵᠠᠭᠪᠤᠷ ᠢ ᠠᠪᠴᠤ᠂ ᠨᠡᠭᠦᠳᠡᠯ ᠨᠠᠮ ᠤᠨ ᠭᠡᠰᠢᠭᠦᠨ ᠤ ︽ᠲᠣᠤᠷ ᠲᠠᠲᠠᠬᠤ ᠮᠠᠶ᠋ᠢᠭ︾ ᠤᠨ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠠᠮ ᠤᠨ ᠭᠡᠰᠢᠭᠦᠨ ᠤ ᠮᠡᠳᠡᠭᠡ ᠵᠠᠩᠭᠢ ᠶᠢ ᠴᠠᠭ ᠲᠤᠬᠠᠶ ᠳᠤᠨᠢ ᠰᠢᠨᠡᠳᠬᠡᠨ ᠲᠡᠭᠦᠯᠳᠡᠷᠵᠢᠭᠦᠯᠵᠦ᠂ ᠬᠥᠳᠡᠯᠦᠩᠭᠦᠶ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ᠂ ᠨᠢᠭᠡ ᠲᠣᠰᠬᠤᠨ ᠳᠤ ᠨᠢᠭᠡ ᠲᠠᠩᠰᠠ ᠡᠪᠬᠡᠮᠡᠯ᠂ ᠨᠢᠭᠡ ᠬᠥᠮᠦᠨ ᠳᠤ ᠨᠢᠭᠡ ᠺᠠᠷᠲ ᠭᠠᠷᠭᠠᠵᠤ᠂ ᠨᠡᠭᠦᠳᠡᠯ ᠨᠠᠮ ᠤᠨ ᠭᠡᠰᠢᠭᠦᠨ ᠤ ᠤᠲᠠᠰᠤ᠂ ᠠᠵᠢᠯᠯᠠᠬᠤ ᠭᠠᠵᠠᠷ᠂ ᠠᠵᠢᠯᠯᠠᠬᠤ ᠴᠠᠭ ᠵᠡᠷᠭᠡ ᠦᠨᠳᠦᠰᠦᠨ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠵᠦ᠂ ᠨᠠᠮ ᠤᠨ ᠭᠡᠰᠢᠭᠦᠨ ᠤ ᠰᠠᠭᠤᠷᠢ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠵᠦ᠂ ᠪᠠᠶᠢᠩᠭᠤ ᠶᠢᠨ ᠴᠢᠨᠠᠷᠲᠠᠶ ᠣᠶᠢᠯᠠᠭᠠᠵᠤ᠂ ᠬᠥᠳᠡᠯᠦᠩᠭᠦᠶ ᠪᠠᠷ ᠰᠢᠨᠡᠳᠬᠡᠬᠦ ᠪᠠᠷ ᠳᠠᠮᠵᠢᠭᠤᠯᠤᠨ  ᠰᠢᠢᠳᠪᠦᠷᠢᠯᠡᠨ᠎ᠡ ᠃     ᠪᠣᠯᠪᠠᠰᠤᠷᠠᠯ ᠤᠨ ᠬᠢᠴᠢᠶᠡᠯ ᠤᠨ ᠲᠠᠩᠬᠢᠮ ᠢ ᠪᠠᠶᠢᠭᠤᠯᠵᠤ᠂ ︽ᠬᠥᠮᠦᠵᠢᠭᠦᠯᠬᠦ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠴᠠᠩ ᠱᠧᠩ ᠪᠠᠯᠭᠠᠰᠤ ︽ᠬᠤᠣᠰᠯᠠᠨ ᠬᠠᠪᠰᠤᠷᠴᠤ ᠰᠤᠷᠤᠯᠴᠠᠬᠤ︾᠂ ︽ᠲᠥᠪᠯᠡᠷᠡᠭᠦᠯᠦᠨ ᠰᠤᠷᠤᠯᠴᠠᠬᠤ︾᠂ ︽ᠰᠦᠯᠵᠢᠶᠡᠨ ᠳᠡᠭᠡᠷ᠎ᠡ ᠰᠤᠷᠤᠯᠴᠠᠬᠤ︾ ᠵᠡᠷᠭᠡ ᠤᠯᠠᠨ ᠵᠦᠢᠯ ᠤᠨ ᠰᠤᠷᠤᠯᠴᠠᠬᠤ ᠠᠷᠭ᠎ᠠ ᠬᠡᠯᠪᠡᠷᠢ ᠶᠢ ᠠᠰᠢᠭᠯᠠᠨ᠂ ᠨᠡᠭᠦᠳᠡᠯ ᠨᠠᠮ ᠤᠨ ᠭᠡᠰᠢᠭᠦᠨ ᠤ ᠴᠠᠭ᠂ ᠣᠷᠣᠨ ᠵᠠᠢ ᠶᠢᠨ ᠬᠢᠵᠠᠭᠠᠷᠯᠠᠯ ᠢ ᠬᠠᠮᠲᠤ ᠶᠢᠨ ᠰᠤᠷᠤᠯᠴᠠᠯᠭ᠎ᠠ ᠳᠤ ᠣᠷᠣᠯᠴᠠᠵᠤ ᠳᠡᠶᠢᠯᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠵᠦ᠂ ᠨᠡᠭᠦᠳᠡᠯ ᠨᠠᠮ ᠤᠨ ᠭᠡᠰᠢᠭᠦᠨ ᠤ ᠰᠤᠷᠤᠯᠴᠠᠯᠭ᠎ᠠ ᠶᠢ ︽ᠡᠩᠨᠡᠭᠡ ᠠᠴᠠ ᠪᠠᠨ ᠬᠤᠴᠣᠷᠬᠤ ᠦᠭᠡᠢ︾ ᠪᠠᠶᠢᠬᠤ ᠶᠢ  ᠪᠠᠲᠤᠯᠠᠨ᠎ᠠ᠃ ︽ᠨᠠᠮ ᠤᠨ ᠪᠠᠶᠢᠭᠤᠯᠤᠯᠲᠠ + ᠢᠨᠲ᠋ᠧᠷ ᠰᠦᠯᠵᠢᠶ᠎ᠡ︾ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠸᠢᠴᠠᠲ ᠤᠨ ᠰᠣᠯᠢᠯᠴᠠᠭᠠᠨ ᠤ ᠪᠦᠯᠦᠭ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾᠂ ᠡᠪ ᠬᠠᠮᠲᠤ ᠨᠠᠮ ᠤᠨ ᠭᠡᠰᠢᠭᠦᠨ ᠤ ᠰᠦᠯᠵᠢᠶ᠎ᠡ ᠵᠡᠷᠭᠡ ︽ᠰᠦᠯᠵᠢᠶᠡᠨ ᠳᠡᠭᠡᠷᠡᠬᠢ︾ ᠵᠢᠭᠰᠠᠭᠠᠯ ᠤᠨ ᠭᠠᠵᠠᠷ ᠢ ᠰᠠᠶᠢᠲᠤᠷ ᠬᠡᠷᠡᠭᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠲᠦᠷᠦ ᠶᠢᠨ ᠪᠤᠳᠤᠯᠭ᠎ᠠ ᠶᠢᠨ ᠤᠨᠤᠯ᠂ ᠬᠤᠪᠢᠰᠬᠠᠯ ᠤᠨ ᠦᠯᠢᠭᠡᠷ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠮᠠᠲ᠋ᠧᠷᠢᠶᠠᠯ ᠢ ᠬᠤᠪᠢᠶᠠᠯᠴᠠᠨ ᠡᠳ᠋ᠯᠡᠵᠦ᠂ ᠲᠧᠩ ᠰᠢᠶᠦ᠋ᠨ ᠬᠤᠷᠠᠯ᠂ ᠳ᠋ᠢᠩ ᠳ᠋ᠢᠩ APP ᠵᠡᠷᠭᠡ ︽ᠰᠦᠯᠵᠢᠶᠡᠨ ᠳᠡᠭᠡᠷᠡᠬᠢ︾ ᠬᠤᠷᠠᠯ ᠢ ᠰᠠᠶᠢᠲᠤᠷ ᠵᠣᠬᠢᠶᠠᠨ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠨᠡᠭᠦᠳᠡᠯ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠨᠠᠮ ᠤᠨ ᠳᠣᠲᠣᠭᠠᠳᠤ ᠶᠢᠨ ᠠᠵᠢᠯᠯᠠᠭ᠎ᠠ ᠳᠤ ᠣᠷᠣᠯᠴᠠᠭᠤᠯᠵᠤ᠂ ︽ᠰᠦᠯᠵᠢᠶᠡᠨ ᠳᠡᠭᠡᠷ᠎ᠡ︾ ᠬᠠᠪᠰᠤᠷᠤᠨ ᠵᠢᠯᠣᠭᠤᠳᠬᠤ᠂ ︽ᠰᠦᠯᠵᠢᠶᠡᠨ ᠭᠠᠳᠠᠨᠠᠬᠢ︾ ᠰᠢᠮᠳᠠᠭᠤᠯᠤᠨ ᠵᠢᠯᠣᠭᠤᠳᠬᠤ ᠪᠠᠷ ᠭᠠᠷᠳᠠᠴᠠ ᠪᠣᠯᠭᠠᠵᠤ᠂ ᠨᠠᠮ ᠤᠨ ᠬᠢᠴᠢᠶᠡᠯ᠂ ᠰᠡᠳᠬᠢᠯ ᠢ ᠬᠤᠪᠢᠶᠠᠯᠴᠠᠨ ᠰᠣᠯᠢᠯᠴᠠᠬᠤ ᠬᠤᠷᠠᠯ ᠵᠡᠷᠭᠡ ᠰᠦᠯᠵᠢᠶᠡᠨ ᠳᠡᠭᠡᠷᠡᠬᠢ ᠵᠠᠭᠪᠤᠷ ᠢᠶᠠᠷ ᠳᠠᠮᠵᠢᠭᠤᠯᠤᠨ᠂ ᠨᠡᠭᠦᠳᠡᠯ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号