ᠠᠤᠬᠠᠨ ᠬᠤᠰᠢᠭᠤ ᠬᠥᠳᠡᠭᠡ ᠲᠣᠰᠬᠤᠨ ᠤ ᠵᠠᠰᠠᠮᠠᠯ ᠵᠠᠮ ᠤᠨ ᠭᠠᠳᠠᠷᠭᠤ ᠶᠢ ᠠᠦ᠋ᠲ᠋ᠣᠴᠢᠯᠠᠨ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/8/29
        ᠣᠶᠢᠷ᠎ᠠ ᠳᠤ᠂ ᠠᠤᠬᠠᠨ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠪᠠ ᠲᠡᠭᠡᠭᠡᠪᠦᠷᠢ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠬᠥᠳᠡᠭᠡ ᠲᠣᠰᠬᠤᠨ ᠤ ᠵᠠᠰᠠᠮᠠᠯ ᠵᠠᠮ ᠤᠨ ᠭᠠᠳᠠᠷᠭᠤ ᠶᠢᠨ ᠮᠡᠷᠭᠡᠵᠢᠯ ᠤᠨ ᠪᠠᠶᠢᠳᠠᠯ ᠢ ᠠᠦ᠋ᠲ᠋ᠣᠴᠢᠯᠠᠨ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠪᠡ᠃ ᠲᠣᠰ ᠤᠳᠠᠭᠠᠨ ᠤ ᠪᠠᠶᠢᠴᠠᠭᠠᠨ ᠬᠡᠮᠵᠢᠯᠲᠡ ᠳᠤ ᠤᠶᠤᠨᠲᠤ ᠵᠠᠮ ᠤᠨ ᠪᠠᠶᠢᠴᠠᠭᠠᠨ ᠬᠡᠮᠵᠢᠯᠲᠡ ᠶᠢᠨ ᠰᠢᠰᠲ᠋ᠧᠮ ᠢ ᠬᠡᠷᠡᠭᠯᠡᠵᠦ᠂ ᠥᠨᠳᠥᠷ ᠴᠢᠳᠠᠪᠬᠢᠲᠤ ᠲᠡᠷᠭᠡᠨ ᠳᠡᠭᠡᠷᠡᠬᠢ ᠺᠣᠮᠫᠢᠦ᠋ᠲ᠋ᠧᠷ ᠨᠢ ᠰᠡᠷᠡᠭᠳᠡᠭᠦᠷ ᠲᠠᠢ ᠬᠠᠮᠵᠢᠯᠴᠠᠨ ᠰᠡᠷᠡᠯ ᠳᠠᠮᠵᠢᠭᠤᠯᠤᠭᠴᠢ ᠶᠢ ᠴᠤᠭᠯᠠᠭᠤᠯᠬᠤ ᠪᠠ ᠬᠠᠳᠠᠭᠠᠯᠠᠬᠤ ᠲᠤᠭ᠎ᠠ ᠪᠠᠷᠢᠮᠲᠠ ᠶᠢ ᠲᠣᠬᠢᠷᠠᠭᠤᠯᠵᠤ᠂ ᠵᠠᠮ ᠤᠨ ᠰᠠᠭᠤᠷᠢ᠂ ᠵᠠᠮ ᠤᠨ ᠭᠠᠳᠠᠷᠭᠤ ᠵᠡᠷᠭᠡ ᠲᠦᠬᠦᠭᠡᠷᠦᠮᠵᠢ ᠶᠢᠨ ᠴᠢᠳᠠᠮᠵᠢ ᠶᠢᠨ ᠵᠢᠭᠠᠯᠲᠠ ᠲᠤᠭ᠎ᠠ ᠶᠢ ᠭᠤᠤᠯᠳᠠᠯᠭ᠎ᠠ ᠲᠠᠢ ᠦᠨᠡᠯᠡᠨ ᠲᠣᠭᠲᠠᠭᠠᠨ᠎ᠠ᠃ 4 ᠡᠳᠦᠷ ᠬᠡᠷᠡᠭᠯᠡᠵᠦ᠂ ᠨᠡᠶᠢᠲᠡ 34 ᠵᠤᠷᠪᠤᠰ ᠬᠥᠳᠡᠭᠡ ᠲᠣᠰᠬᠤᠨ ᠤ ᠵᠠᠰᠠᠮᠠᠯ ᠵᠠᠮ ᠢ ᠪᠠᠶᠢᠴᠠᠭᠠᠨ ᠰᠢᠯᠭᠠᠵᠤ᠂ ᠪᠠᠶᠢᠴᠠᠭᠠᠨ ᠰᠢᠯᠭᠠᠭᠰᠠᠨ ᠶᠡᠷᠦᠩᠬᠡᠶ ᠣᠷᠳᠣ ᠨᠢ 395  ᠺᠢᠯᠦᠮᠧᠲᠷ ᠪᠣᠯᠤᠨ᠎ᠠ᠃    ᠠᠦ᠋ᠲ᠋ᠣᠴᠢᠯᠠᠭᠰᠠᠨ ᠪᠠᠶᠢᠴᠠᠭᠠᠨ ᠰᠢᠯᠭᠠᠬᠤ ᠲᠡᠷᠭᠡ ᠬᠥᠰᠬᠡ ᠲᠤᠬᠠᠶ ᠶᠢᠨ ᠴᠠᠭ ᠲᠤᠨᠢ ᠪᠠᠶᠢᠴᠠᠭᠠᠨ ᠰᠢᠯᠭᠠᠬᠤ᠂ ᠲᠤᠭ᠎ᠠ ᠪᠠᠷᠢᠮᠲᠠ ᠶᠢ ᠵᠠᠳᠠᠯᠬᠤ ᠵᠡᠷᠭᠡ ᠴᠢᠳᠠᠮᠵᠢ ᠲᠠᠢ ᠪᠠᠶᠢᠵᠤ᠂ ᠲᠡᠷᠭᠡ ᠶᠠᠪᠤᠬᠤ ᠵᠣᠬᠢᠰᠲᠠᠢ ᠬᠤᠷᠳᠤᠴᠠ ᠳᠣᠤᠷ᠎ᠠ ᠵᠠᠮ ᠤᠨ ᠭᠠᠳᠠᠷᠭᠤ ᠶᠢᠨ ᠡᠪᠳᠡᠷᠡᠵᠦ ᠰᠦᠢᠳᠦᠭᠰᠡᠨ ᠪᠠᠶᠢᠳᠠᠯ ᠢ ᠠᠦ᠋ᠲ᠋ᠣ᠋ ᠪᠠᠶᠢᠴᠠᠭᠠᠨ ᠬᠡᠮᠵᠢᠵᠦ᠂ ᠲᠤᠭ᠎ᠠ ᠪᠠᠷᠢᠮᠲᠠ ᠶᠢ ᠴᠤᠭᠯᠠᠭᠤᠯᠵᠤ ᠳᠠᠭᠤᠰᠤᠭᠰᠠᠨ ᠤ ᠳᠠᠷᠠᠭ᠎ᠠ᠂ ᠠᠷᠤ ᠲᠠᠪᠴᠠᠩ ᠳᠤ ᠴᠤᠭᠯᠠᠭᠤᠯᠤᠭᠰᠠᠨ ᠲᠤᠭ᠎ᠠ ᠪᠠᠷᠢᠮᠲᠠ ᠶᠢ ᠶᠡᠷᠦᠩᠬᠡᠶᠢᠯᠡᠨ ᠵᠠᠳᠠᠯᠵᠤ ᠦᠨᠡᠯᠡᠨ ᠲᠣᠭᠲᠠᠭᠠᠵᠤ᠂ ᠬᠥᠮᠦᠨ ᠤ ᠬᠦᠴᠦ ᠪᠠᠷ ᠪᠠᠶᠢᠴᠠᠭᠠᠨ ᠰᠢᠯᠭᠠᠬᠤ ᠳᠤ ᠵᠠᠮ ᠤᠨ ᠭᠠᠳᠠᠷᠭᠤ ᠶᠢᠨ ᠮᠡᠷᠭᠡᠵᠢᠯ ᠤᠨ ᠪᠠᠶᠢᠳᠠᠯ ᠢ ᠦᠨᠡᠯᠡᠨ ᠲᠣᠭᠲᠠᠭᠠᠬᠤ ᠳᠤᠮᠳᠠ ᠢᠯᠡᠷᠡᠭᠰᠡᠨ ᠬᠤᠷᠳᠤᠴᠠ ᠨᠢ ᠤᠳᠠᠭᠠᠨ᠂ ᠶᠠᠰᠤ ᠴᠢᠨᠠᠷ ᠨᠢ ᠠᠨᠠᠶ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠦᠨᠡᠯᠡᠨ ᠲᠣᠭᠲᠠᠭᠠᠭᠰᠠᠨ ᠦᠷ᠎ᠡ ᠳ᠋ᠦᠩ ᠨᠢ ᠨᠠᠩ ᠣᠨᠣᠪᠴᠢᠲᠠᠶ ᠪᠣᠯᠪᠠ᠃ ᠠᠦ᠋ᠲ᠋ᠣᠴᠢᠯᠠᠭᠰᠠᠨ ᠪᠠᠶᠢᠴᠠᠭᠠᠨ ᠬᠡᠮᠵᠢᠯᠲᠡ ᠨᠢ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠡᠭᠡ ᠳᠤᠮᠳᠠ ᠵᠠᠰᠠᠬᠤ ᠲᠥᠯᠥᠪᠯᠡᠭᠡ ᠶᠢ ᠵᠦᠶ ᠵᠣᠬᠢᠰᠲᠠᠶ ᠨᠠᠶᠢᠷᠠᠭᠤᠯᠤᠨ ᠵᠣᠬᠢᠶᠠᠵᠤ᠂ ᠤᠷᠢᠳᠴᠢᠯᠠᠨ ᠰᠡᠷᠭᠡᠶᠢᠯᠡᠬᠦ ᠴᠢᠨᠠᠷᠲᠠᠶ ᠪᠠᠷ ᠠᠷᠠᠴᠢᠯᠠᠨ ᠬᠠᠮᠠᠭᠠᠯᠠᠬᠤ ᠶᠢ ᠴᠠᠭ ᠲᠤᠨᠢ ᠳᠣᠭᠢᠷᠠᠭᠤᠯᠤᠨ ᠥᠷᠨᠢᠭᠦᠯᠵᠦ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号