ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/8/29
        ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ    ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ    ︵2024 ᠣᠨ ᠤ 8 ᠰᠠᠷ᠎ᠠ ᠶᠢᠨ 28 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠳᠤᠭᠠᠷ ᠪᠦᠭᠦᠳᠡ ᠬᠤᠷᠠᠯ ᠠᠴᠠ ᠪᠠᠲᠤᠯᠠᠪᠠ    ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠳᠤᠭᠠᠷ ᠪᠥᠬᠦᠳᠡ ᠬᠤᠷᠠᠯ 2024 ᠣᠨ ᠤ 8 ᠰᠠᠷ᠎ᠠ ᠶᠢᠨ 28 ᠤ ᠡᠳᠦᠷ ᠰᠢᠨ  ᠾᠦᠢ ᠳᠤ ᠬᠤᠷᠠᠯᠳᠤᠪᠠ᠃    ᠲᠣᠰ ᠤᠳᠠᠭᠠᠨ ᠤ ᠪᠥᠬᠦᠳᠡ ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 33 ᠬᠥᠮᠦᠨ᠂ ᠣᠷᠣᠯᠠᠭᠴᠢ ᠭᠡᠰᠢᠭᠦᠨ 7 ᠬᠥᠮᠦᠨ ᠣᠷᠣᠯᠴᠠᠵᠠᠶ᠃ ᠬᠤᠰᠢᠭᠤᠨ ᠱᠠᠲᠤᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠠᠮᠢᠶ᠎ᠠ ᠪᠥᠬᠦᠶ ᠲᠠᠯ᠎ᠠ ᠶᠢᠨ ᠬᠠᠷᠢᠭᠤᠴᠠᠯᠭᠠᠲᠠᠨ᠂ ᠬᠤᠰᠢᠭᠤᠨ ᠤ ᠠᠷᠪᠠᠨ ᠵᠢᠷᠭᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠦᠨᠳᠦᠰᠦᠨ ᠱᠠᠲᠤᠨ ᠤ ᠲᠥᠯᠥᠭᠡᠯᠡᠭᠴᠢ᠂ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃    ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠶᠠᠷᠢᠶ᠎ᠠ ᠲᠠᠯᠪᠢᠪᠠ᠃    ᠪᠥᠬᠦᠳᠡ ᠬᠤᠷᠠᠯ ᠠᠴᠠ ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠳᠣᠤᠷ᠎ᠠ ᠬᠠᠭᠠᠰ ᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠪᠣᠯᠤᠨ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠠᠤᠬᠠᠨ ᠬᠤᠰᠢᠭᠤᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠡᠭᠦᠷᠭᠡ ᠶᠢᠨ ᠨᠠᠷᠢᠨ ᠲᠠᠩᠰᠠ︾ ᠶᠢ ᠬᠢᠨᠠᠨ ᠵᠥᠪᠯᠡᠵᠦ ᠪᠠᠲᠤᠯᠠᠪᠠ᠃    ᠪᠥᠬᠦᠳᠡ ᠬᠤᠷᠠᠯ ᠠᠴᠠ ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠢ ᠭᠦᠢᠴᠡᠳ ᠨᠤᠲᠠᠯᠠᠪᠠ᠃ ᠡᠨᠡ ᠵᠢᠯ ᠠᠴᠠ ᠨᠠᠰᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠤᠯ ᠱᠤᠭᠤᠮ ᠤᠨ ᠱᠠᠭᠠᠷᠳᠠᠯᠭ᠎ᠠ ᠶᠢ ᠭᠦᠨᠵᠡᠭᠡᠶ ᠪᠣᠳᠠᠲᠠᠶᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠪᠣᠳᠠᠲᠠᠶ ᠦᠷ᠎ᠡ ᠪᠦᠲᠦᠮᠵᠢ ᠭᠠᠷᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠪᠠ᠃    ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠢ ᠡᠵᠡᠮᠳᠡᠵᠦ᠂ ᠰᠤᠷᠤᠯᠴᠠᠯᠭ᠎ᠠ ᠪᠣᠯᠪᠠᠰᠤᠷᠠᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠤᠬᠠᠭᠤᠯᠤᠨ ᠲᠠᠶᠢᠯᠪᠤᠷᠢᠯᠠᠬᠤ ᠶᠢ ᠭᠦᠨᠵᠡᠭᠡᠢ ᠥᠷᠨᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠳᠡᠭᠡᠳᠦ ᠱᠠᠲᠤᠨ ᠤ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠪᠥᠬᠦᠳᠡ ᠬᠤᠷᠠᠯ ᠠᠴᠠ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠡᠷᠦᠩᠬᠡᠶᠢᠯᠡᠨ ᠵᠢᠯᠣᠭᠤᠳᠬᠤ ᠴᠢᠨᠠᠷᠲᠠᠶ ᠱᠠᠭᠠᠷᠳᠠᠯᠭ᠎ᠠ ᠮᠥᠨ᠂ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠶᠢᠨ ᠵᠠᠩᠭᠢᠯᠠᠭ᠎ᠠ ᠶᠢᠨ ᠴᠢᠨᠠᠷᠲᠠᠶ ᠭᠠᠷᠳᠠᠴᠠ ᠮᠥᠨ᠂ ᠡᠷᠬᠡᠪᠰᠢ ᠭᠦᠨᠵᠡᠭᠡᠶ ᠪᠥᠭᠡᠳ ᠪᠣᠳᠠᠲᠠᠶᠢᠵᠢᠭᠤᠯᠵᠤ᠂ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠶ᠃ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠡᠷᠴᠢ ᠵᠣᠷᠢᠭ ᠢᠶᠠᠨ ᠦᠷᠭᠦᠯᠵᠢᠯᠡᠨ ᠪᠠᠲᠤᠯᠠᠵᠤ᠂ ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠵᠤ᠂ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠭᠤᠣᠯᠳᠠᠯᠭ᠎ᠠ ᠶᠢ ᠠᠳᠬᠤᠵᠤ᠂ ᠲᠦᠷᠭᠡᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ᠃ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠶᠢ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠪᠣᠯᠭᠠᠵᠤ᠂ ᠨᠢᠭᠡᠳᠦᠯᠲᠡᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ︽ᠳᠣᠯᠤᠭ᠎ᠠ ᠶᠢ ᠵᠢᠱᠢᠶᠡᠴᠢ ᠪᠣᠯᠭᠠᠬᠤ︾ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠠᠵᠢᠯ ᠤᠨ ᠭᠤᠤᠯ ᠱᠤᠭᠤᠮ ᠤᠨ ︽ᠬᠤᠭᠤᠰᠣᠨ᠂ ᠪᠦᠳᠦᠭᠦᠯᠢᠭ᠂ ᠲᠡᠯᠭᠡᠷᠡᠭᠰᠡᠨ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ  ᠭᠡᠵᠦ ᠴᠢᠬᠤᠯᠠᠴᠢᠯᠠᠪᠠ᠃      ᠪᠦᠬᠦᠳᠡ ᠬᠤᠷᠠᠯ ᠠᠴᠠ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ︽ᠬᠢᠬᠦ ᠦᠭᠡᠢ ᠪᠣᠯ ᠪᠣᠯᠬᠤ ᠦᠭᠡᠢ᠂ ᠬᠢᠪᠡᠯ ᠰᠠᠶᠢᠲᠤᠷ ᠬᠢᠬᠦ︾ ᠡᠷᠴᠢ ᠵᠣᠷᠢᠭ ᠢᠶᠠᠨ ᠬᠥᠪᠴᠢᠯᠡᠵᠦ᠂ ᠡᠯ᠎ᠡ ᠵᠦᠢᠯ ᠤᠨ ᠠᠵᠢᠯ ᠢ ᠠᠯᠬᠤᠮ ᠠᠯᠬᠤᠮ ᠢᠶᠠᠷ ᠠᠬᠢᠭᠤᠯᠵᠤ᠂ ᠪᠦᠬᠦ ᠵᠢᠯ ᠤᠨ ᠲᠣᠭᠲᠠᠭᠰᠠᠨ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠮᠤᠷ ᠲᠦᠪᠰᠢᠨ ᠲᠣᠭᠲᠠᠭᠤᠨ ᠢ ᠠᠳᠬᠤᠨ ᠦᠨᠳᠦᠰᠦ ᠪᠠᠨ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠢ ᠥᠴᠦᠬᠡᠨ ᠴᠦ ᠣᠰᠣᠯᠳᠠᠬᠤ ᠦᠭᠡᠢ ᠪᠠᠷ ᠰᠠᠶᠢᠲᠤᠷ ᠠᠳᠬᠤᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠨᠢᠭᠡ ᠮᠥᠴᠡ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠢᠮᠠᠭᠲᠠ ᠰᠠᠶᠢᠲᠤᠷ ᠠᠳᠬᠤᠬᠤ ᠬᠡᠷᠡᠭᠲᠡᠢ᠃ ᠠᠵᠤ ᠠᠬᠤᠢ ᠶᠢᠨ ᠭᠦᠢᠴᠡᠳᠬᠡᠬᠦ ᠲᠤᠭ᠎ᠠ ᠶᠢᠨ ᠬᠤᠷᠳᠤᠴᠠ ᠶᠢ ᠲᠦᠷᠭᠡᠳᠬᠡᠵᠦ᠂ ᠭᠦᠢᠴᠡᠳᠬᠡᠬᠦ ᠲᠤᠭ᠎ᠠ ᠶᠢᠨ ᠨᠡᠮᠡᠭᠳᠡᠯ ᠤᠨ ᠬᠤᠪᠢᠷᠠᠯᠲᠠ ᠪᠠᠷ ᠳᠠᠮᠵᠢᠭᠤᠯᠤᠨ᠂ ᠪᠠᠶᠢᠳᠠᠯ ᠢ ᠴᠠᠭ ᠲᠤᠬᠠᠶ ᠳᠤᠨᠢ ᠰᠤᠳᠤᠯᠤᠨ ᠮᠠᠭᠠᠳᠯᠠᠵᠤ᠂ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠵᠦ᠂ ᠰᠡᠳᠬᠢᠴᠡ ᠶᠢᠨ ᠭᠤᠣᠯᠳᠠᠯᠭ᠎ᠠ ᠶᠢ  ᠲᠣᠬᠢᠷᠠᠭᠤᠯᠬᠤ ᠬᠡᠷᠡᠭᠲᠡᠢ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠶᠢᠯᠠᠬᠤ ᠦᠭᠡᠢ᠂ ᠨᠢᠭᠤᠵᠤ ᠳᠠᠯᠳᠠᠯᠠᠬᠤ ᠦᠭᠡᠢ᠂ ᠴᠠᠭ ᠮᠥᠴᠡ ᠶᠢ ᠠᠯᠳᠠᠯ ᠦᠭᠡᠢ ᠪᠠᠷ ᠴᠢᠷᠮᠠᠶᠢᠵᠤ᠂ ᠬᠢᠴᠢᠶᠡᠯ ᠨᠥᠬᠦᠵᠦ ᠭᠦᠢᠴᠡᠨ ᠳᠠᠪᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃  ᠠᠷᠠᠯᠵᠢᠶᠠᠴᠢᠨ ᠤᠷᠢᠵᠤ ᠪᠡᠯᠡ ᠲᠠᠲᠠᠬᠤ ᠴᠢᠳᠠᠪᠤᠷᠢ ᠪᠠᠨ ᠥᠷᠭᠡᠳᠬᠡᠬᠦ ᠶᠢ ᠠᠳᠬᠤᠵᠤ᠂ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠠᠷᠠᠯᠵᠢᠶᠠᠴᠢᠨ ᠤᠷᠢᠬᠤ ᠰᠡᠳᠬᠢᠴᠡ ᠪᠠᠨ ᠴᠠᠭ ᠲᠤᠬᠠᠢ ᠳᠤᠨᠢ ᠬᠤᠪᠢᠷᠠᠭᠤᠯᠵᠤ᠂ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠪᠠᠨ ᠲᠤᠬᠢᠷᠠᠭᠤᠯᠵᠤ᠂ ᠤᠨᠢᠨ ᠳᠡᠭᠡᠷ᠎ᠡ ᠨᠢ ᠬᠦᠴᠦᠯᠡᠵᠦ ᠂ ᠦᠷᠭᠦᠯᠵᠢᠯᠡᠨ ᠬᠦᠴᠦᠯᠡᠵᠦ᠂ ᠲᠣᠨᠣᠭᠯᠠᠯ ᠦᠢᠯᠡᠳᠬᠦ᠂ ᠠᠭᠤᠷᠬᠠᠢ ᠶᠢᠨ ᠦᠢᠯᠡᠰ ᠤᠨ ᠠᠵᠤ ᠠᠬᠤᠢ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠲᠠᠯ᠎ᠠ ᠪᠠᠷ ᠨᠡᠩ ᠶᠡᠭᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠬᠡᠷᠡᠭᠯᠡᠭᠡ ᠶᠢᠨ ᠳᠠᠯᠳᠠ ᠬᠦᠴᠦᠨ ᠢ ᠠᠭᠤᠳᠠᠯᠬᠤ ᠶᠢ ᠠᠬᠢᠭᠤᠯᠬᠤ ᠶᠢ ᠠᠳᠬᠤᠵᠤ᠂ ᠰᠢᠨ᠎ᠡ ᠪᠠᠶᠢᠳᠠᠯ ᠳᠣᠣᠷᠠᠬᠢ ᠬᠡᠷᠡᠭᠯᠡᠭᠡ ᠶᠢᠨ ᠬᠦᠷᠢᠶᠡᠨ ᠤ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠤᠨ ᠵᠢᠮ᠎ᠡ ᠶᠣᠰᠣᠨ ᠳᠤ ᠲᠦᠷᠭᠡᠬᠡᠨ ᠵᠣᠬᠢᠴᠠᠵᠤ᠂ ᠬᠡᠷᠡᠭᠯᠡᠭᠡ ᠶᠢᠨ ᠬᠠᠯᠠᠮᠰᠢᠯ ᠴᠡᠭ ᠢ ᠢᠳᠡᠪᠬᠢᠲᠡᠢ ᠪᠤᠢ ᠪᠣᠯᠭᠠᠵᠤ᠂ ᠪᠦᠬᠦ ᠠᠷᠠᠳ ᠤᠨ ᠬᠡᠷᠡᠭᠯᠡᠭᠡ ᠶᠢᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠬᠡᠷᠡᠭᠯᠡᠭᠡ ᠶᠢᠨ ᠦᠷᠭᠦᠯᠵᠢᠯᠡᠨ ᠨᠡᠮᠡᠭᠳᠡᠬᠦ ᠶᠢ  ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠳᠬᠤᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠬᠦ ᠠᠵᠢᠯ ᠢ ᠦᠨᠡᠨᠬᠦ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠪᠦᠬᠦᠳᠡ ᠬᠤᠷᠠᠯ ᠠᠴᠠ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠤᠯᠤᠰ ᠲᠦᠷᠦ ᠶᠢᠨ ᠬᠦᠳᠦᠯᠦᠨ ᠳᠠᠭᠠᠭᠤᠯᠬᠤ ᠪᠠ ᠤᠯᠤᠰ ᠲᠦᠷᠦ ᠶᠢᠨ ᠪᠠᠲᠤᠯᠠᠭ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠤᠯᠤᠰ ᠲᠦᠷᠦ ᠶᠢᠨ ᠦᠨᠡᠨᠴᠢ ᠰᠢᠳᠤᠷᠭᠤ ᠶᠢ ᠳᠠᠪᠲᠠᠨ ᠪᠣᠯᠪᠠᠰᠤᠷᠠᠭᠤᠯᠵᠤ᠂ ᠪᠣᠳᠠᠲᠠᠢ ᠠᠳᠬᠤᠬᠤ ᠶᠢ ᠲᠡᠷᠢᠭᠦᠨ ᠪᠠᠶᠢᠷᠢᠨ ᠳᠤ ᠲᠠᠯᠪᠢᠬᠤ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠤᠨᠢᠨ ᠳᠡᠭᠡᠷ᠎ᠡ ᠨᠢ ᠰᠤᠩᠭᠤᠵᠤ ᠬᠠᠮᠢᠶᠠᠷᠴᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠪᠠᠲᠤ ᠴᠢᠩᠭ᠎ᠠ ᠬᠦᠴᠦᠲᠡᠢ ᠲᠠᠶᠢᠴᠢᠨ ᠪᠠᠬᠢᠯᠡᠯᠲᠡ ᠶᠢ ᠪᠠᠲᠤ  ᠴᠣᠭᠴᠠᠯᠠᠬᠤ ᠬᠡᠷᠡᠭᠲᠡᠢ᠃ ᠠᠷᠢᠭᠤᠨ ᠴᠢᠬᠡᠴᠢ ᠠᠤᠬᠠᠨ ᠢ ᠪᠥᠲᠥᠭᠡᠨ ᠪᠠᠶᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ  ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠪᠦᠬᠦᠳᠡ ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠡᠷᠡᠰ ᠰᠢᠭᠤᠷᠬᠠᠢ ᠪᠠᠷ ᠥᠭᠡᠷᠡᠴᠢᠯᠡᠯᠲᠡ ᠬᠢᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠣᠳᠠᠲᠠᠢ ᠶᠢ ᠡᠷᠬᠢᠮᠯᠡᠨ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠤᠬᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠤᠷᠢᠶᠠᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号