ᠭᠤᠷᠪᠠᠨᠬᠤᠸᠠ ᠪᠠᠯᠭᠠᠰᠤᠨ ᠤ ᠨᠥᠬᠦᠪᠥᠷᠢ ᠲᠠᠷᠢᠶᠠᠨ ᠭᠠᠵᠠᠷ ᠤᠨ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠪᠡ
ᠨᠡᠶᠢᠲᠡᠯᠡᠭᠰᠡᠨ ᠴᠠᠭ᠄
2024/8/30
    ᠳᠡᠭᠡᠳᠦ ᠱᠠᠲᠤᠨ ᠤ ᠲᠠᠷᠢᠶᠠᠨ ᠭᠠᠵᠠᠷ ᠤᠨ ᠨᠥᠭᠡᠴᠡ ᠶᠢᠨ ᠬᠥᠮᠥᠷᠭᠡ ᠶᠢ ᠨᠥᠬᠦᠪᠥᠷᠢᠯᠡᠬᠦ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠡᠬᠢ ᠪᠠᠶᠠᠯᠢᠭ ᠢ ᠨᠠᠩ ᠴᠢᠨᠠᠷ ᠰᠠᠶᠢᠲᠠᠶ ᠬᠠᠮᠠᠭᠠᠯᠠᠬᠤ ᠶᠢ ᠳᠥᠯᠭᠢᠨ ᠠᠬᠢᠭᠤᠯᠵᠤ᠂ ᠲᠠᠷᠢᠶᠠᠨ ᠭᠠᠵᠠᠷ ᠤᠨ ᠤᠯᠤᠰ ᠤᠨ ᠠᠮᠢ ᠠᠬᠤᠶ ᠪᠠ ᠬᠥᠭᠵᠢᠯᠲᠡ ᠶᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 28 ᠤ ᠡᠳᠦᠷ᠂ ᠭᠤᠷᠪᠠᠨᠬᠤᠸᠠ ᠪᠠᠯᠭᠠᠰᠤ 2024 ᠣᠨ ᠤ ᠲᠠᠷᠢᠶᠠᠨ ᠭᠠᠵᠠᠷ ᠤᠨ ᠨᠥᠬᠦᠪᠥᠷᠢ ᠲᠠᠷᠢᠶᠠᠨ ᠭᠠᠵᠠᠷ ᠤᠨ ᠲᠥᠷᠥᠯ ᠵᠦᠢᠯ ᠢ ᠵᠢᠩᠬᠢᠨᠢ ᠪᠠᠷ ᠡᠬᠢᠯᠡᠭᠦᠯᠪᠡ᠃    ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠤᠬᠤᠭᠤᠷ ᠮᠠᠰᠢᠨ᠂ ᠰᠢᠷᠣᠢ ᠲᠦᠯᠬᠢᠬᠦ ᠮᠠᠰᠢᠨ ᠤ ᠬᠦᠩᠭᠢᠨᠡᠮ᠎ᠡ ᠳᠠᠭᠤᠨ ᠢ ᠳᠠᠭᠠᠯᠳᠤᠨ᠂ ᠪᠠᠷᠢᠯᠭ᠎ᠠ ᠶᠢᠨ ᠠᠵᠢᠯᠲᠠᠳ ᠪᠦᠳᠦᠭᠡᠨ ᠪᠠᠶᠢᠭᠤᠯᠤᠯᠲᠠ ᠶᠢᠨ ᠲᠠᠯᠠᠪᠠᠢ ᠳᠤ ᠶᠠᠭᠠᠷᠠᠯᠲᠠᠢ ᠠᠵᠢᠯᠯᠠᠵᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠠᠶᠢᠯ᠎ᠠ᠃ ᠲᠣᠰ ᠣᠳᠠᠭᠠᠨ ᠤ ᠪᠠᠷᠢᠯᠭ᠎ᠠ ᠶᠢᠨ ᠠᠵᠢᠯ ᠳᠤ ᠨᠡᠶᠢᠳᠡ 1 ᠰᠠᠭᠤᠷᠢ ᠠᠴᠢᠶᠠᠯᠠᠬᠤ ᠮᠠᠰᠢᠨ᠂ 10 ᠰᠢᠷᠣᠢ ᠲᠦᠯᠬᠢᠬᠦ ᠮᠠᠰᠢᠨ ᠠᠵᠢᠯᠯᠠᠵᠤ ᠪᠠᠶᠢᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠭᠠᠵᠠᠷ ᠰᠢᠷᠣᠶ ᠶᠢ ᠲᠡᠭᠰᠢᠯᠡᠬᠦ᠂ ᠲᠠᠷᠢᠶᠠᠨ ᠭᠠᠵᠠᠷ ᠢ ᠪᠣᠷᠳᠣᠭᠤᠷ ᠣᠷᠣᠭᠤᠯᠬᠤ᠂ ᠤᠰᠤᠯᠠᠬᠤ ᠪᠠ ᠤᠰᠤ ᠵᠠᠯᠠᠬᠤ᠂ ᠲᠠᠷᠢᠶᠠᠨ ᠭᠠᠵᠠᠷ ᠤᠨ ᠵᠠᠮ᠂ ᠲᠠᠷᠢᠶᠠᠨ ᠭᠠᠵᠠᠷ ᠤᠨ ᠰᠡᠷᠭᠡᠶᠢᠯᠡᠯᠲᠡ ᠬᠢᠭᠡᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠯᠭ᠎ᠠ ᠵᠡᠷᠭᠡ ᠵᠢᠷᠭᠤᠭᠠᠨ ᠬᠡᠰᠡᠭ ᠪᠠᠭᠲᠠᠨ᠎ᠠ᠃    ᠣᠶᠢᠯᠠᠭᠠᠭᠰᠠᠨ ᠢᠶᠠᠷ᠂ ᠪᠥᠬᠦ ᠬᠤᠰᠢᠭᠤᠨ ᠤ ᠲᠠᠷᠢᠶᠠᠨ ᠭᠠᠵᠠᠷ ᠤᠨ ᠲᠥᠷᠥᠯ  ᠵᠦᠢᠯ ᠤᠨ ᠭᠤᠷᠪᠠᠨᠬᠤᠸᠠ ᠪᠠᠯᠭᠠᠰᠤᠨ ᠤ ᠲᠥᠷᠥᠯ ᠵᠦᠢᠯ ᠤᠨ ᠲᠣᠭᠤᠷᠢᠭ ᠨᠡᠶᠢᠲᠡ 6225.65 ᠮᠥ ᠪᠠᠶᠢᠵᠤ᠂ ᠺᠠᠩ ᠵᠢᠶᠠ ᠶᠢᠩᠽᠢ ᠲᠣᠰᠬᠤᠨ ᠳᠤ ᠪᠠᠶᠢᠷᠢᠯᠠᠨ᠂ ᠲᠥᠷᠥᠯ ᠵᠦᠢᠯ ᠢ ᠵᠢᠱᠢᠯᠲᠡ ᠪᠠᠷ 10 ᠰᠠᠷ᠎ᠠ ᠶᠢᠨ ᠰᠡᠭᠦᠯᠴᠢ ᠪᠠᠷ ᠪᠦᠬᠦᠨ ᠢ ᠪᠡᠶᠡᠯᠡᠭᠦᠯᠵᠦ᠂ ᠲᠣᠰ ᠲᠥᠷᠥᠯ ᠵᠦᠢᠯ ᠢ ᠬᠡᠷᠡᠭᠵᠢᠭᠦᠯᠬᠦ ᠨᠢ ᠲᠠᠷᠢᠶᠠᠨ ᠭᠠᠵᠠᠷ ᠤᠨ ᠲᠠᠯᠠᠪᠠᠶ ᠶᠢ ᠪᠦᠲᠦᠮᠵᠢᠲᠡᠶ ᠨᠡᠮᠡᠭᠳᠡᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠲᠠᠷᠢᠶᠠᠴᠢᠳ ᠤᠨ ᠭᠠᠷᠤᠯᠲᠠ ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠠᠮᠤ ᠪᠤᠳᠠᠭᠠᠨ ᠤ  ᠦᠢᠯᠡᠳᠪᠦᠷᠢᠯᠡᠬᠦ ᠴᠢᠳᠠᠪᠤᠷᠢ ᠶᠢ ᠨᠡᠮᠡᠭᠳᠡᠭᠦᠯᠦᠨ᠂ ᠲᠣᠰᠬᠤᠨ ᠤ ᠬᠠᠮᠲᠤ ᠶᠢᠨ ᠠᠵᠤ ᠠᠬᠤᠶ ᠶᠢ ᠪᠦᠲᠦᠮᠵᠢᠲᠡᠶ ᠨᠡᠮᠡᠭᠳᠡᠭᠦᠯᠵᠦ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠭᠤᠷᠪᠠᠨᠬᠤᠸᠠ ᠪᠠᠯᠭᠠᠰᠤ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠲᠠᠷᠢᠶᠠᠨ ᠭᠠᠵᠠᠷ ᠤᠨ ᠲᠥᠷᠥᠯ ᠵᠦᠢᠯ ᠢ ᠴᠠᠭ ᠲᠤᠬᠠᠶ ᠳᠤᠨᠢ᠂ ᠶᠠᠰᠤ ᠴᠢᠨᠠᠷ᠂ ᠲᠤᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号