ᠪᠠᠶᠢᠰᠠ ᠶᠢᠨ ᠬᠤᠷᠢᠶ᠎ᠠ ᠪᠠᠯᠭᠠᠰᠤ ᠠᠮᠢᠲᠠᠨ ᠤ ᠪᠣᠭᠤᠮ᠎ᠠ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2024/8/30
    ᠵᠤᠨ ᠤ ᠤᠯᠠᠷᠢᠯ ᠤᠨ ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠰᠢ᠂ ᠠᠮᠢᠲᠠᠨ ᠤ ᠪᠣᠭᠤᠮ᠎ᠠ ᠡᠪᠡᠳᠴᠢᠨ ᠡᠭᠦᠰᠬᠦ ᠲᠦᠭᠰᠢᠭᠦᠷᠢ ᠨᠡᠮᠡᠭᠳᠡᠵᠦ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠪᠠᠶᠢᠰᠡ ᠶᠢᠨ ᠬᠤᠷᠢᠶ᠎ᠠ ᠪᠠᠯᠭᠠᠰᠤ ᠠᠮᠢᠲᠠᠨ ᠤ ᠪᠣᠭᠤᠮ᠎ᠠ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃    ᠰᠤᠷᠪᠤᠯᠵᠢᠯᠠᠨ ᠪᠠᠶᠢᠴᠠᠭᠠᠬᠤ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠤᠨ ᠳᠠᠯᠳᠠ ᠭᠡᠮ ᠢ ᠴᠠᠭ ᠲᠤᠬᠠᠶ ᠳᠤᠨᠢ  ᠠᠷᠢᠯᠭᠠᠨ᠎ᠠ᠃ ᠡᠯ᠎ᠡ ᠲᠣᠰᠬᠤᠨ ᠤ ᠬᠢᠵᠢᠭ ᠰᠡᠷᠭᠡᠶᠢᠯᠡᠭᠴᠢ ᠦᠶᠡᠷ ᠤᠨ ᠬᠤᠭᠤᠴᠠᠭᠠᠨ ᠤ ᠦᠬᠡᠷ ᠬᠤᠨᠢ ᠵᠡᠷᠭᠡ ᠠᠮᠠᠷᠬᠠᠨ ᠬᠠᠯᠳᠠᠪᠤᠷᠢᠯᠠᠳᠠᠭ ᠮᠠᠯ ᠲᠡᠵᠢᠭᠡᠪᠦᠷᠢ ᠶᠢᠨ ᠲᠠᠯᠠᠪᠠᠢ ᠶᠢᠨ ᠡᠷᠦᠬᠡ ᠶᠢ ᠲᠣᠭᠤᠷᠢᠨ ᠪᠠᠶᠢᠴᠠᠭᠠᠬᠤ ᠪᠠ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠳᠡᠭᠡᠷ᠎ᠡ ᠵᠠᠭᠤᠨ ᠤ ᠳᠠᠯᠠᠭᠠᠳ ᠣᠨ ᠳᠤ ᠪᠣᠭᠤᠮ᠎ᠠ ᠡᠪᠡᠳᠴᠢᠨ ᠭᠠᠷᠴᠤ ᠥᠩᠭᠡᠷᠡᠭᠰᠡᠨ ᠲᠣᠰᠬᠤᠨ ᠳᠤᠭᠤᠶᠢᠯᠠᠩ ᠢ ᠭᠤᠤᠯᠳᠠᠯᠭ᠎ᠠ ᠲᠠᠢ ᠲᠣᠭᠲᠠᠮᠠᠯ ᠬᠤᠭᠤᠴᠠᠭ᠎ᠠ ᠲᠠᠢ ᠪᠠᠷ ᠡᠷᠭᠢᠨ ᠦᠵᠡᠵᠦ᠂ ᠬᠢᠵᠢᠭ ᠤᠨ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠨ᠎ᠠ᠃ ᠣᠲᠣ ᠪᠣᠯᠲᠠᠯ᠎ᠠ ᠡᠯ᠎ᠡ ᠲᠣᠰᠬᠤᠨ ᠤ ᠬᠢᠵᠢᠭ ᠢ ᠰᠡᠷᠭᠡᠶᠢᠯᠡᠭᠴᠢ ᠵᠢᠭᠰᠠᠭᠠᠨ ᠪᠠᠶᠢᠴᠠᠭᠠᠬᠤ ᠠᠵᠢᠯ ᠢᠶᠠᠨ ᠨᠢᠭᠡᠨᠲᠡ ᠪᠡᠶᠡᠯᠡᠭᠦᠯᠵᠦ᠂ ᠬᠢᠵᠢᠭ ᠡᠪᠡᠳᠴᠢᠨ ᠤ ᠲᠦᠭᠰᠢᠭᠦᠷᠢ ᠪᠠ ᠬᠡᠪ ᠤᠨ ᠪᠤᠰᠤ ᠪᠠᠶᠢᠳᠠᠯ ᠢᠯᠡᠷᠡᠭᠰᠡᠨ ᠥᠬᠡᠶ᠃    ᠤᠬᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠬᠢᠵᠢᠭ ᠢ ᠰᠡᠷᠭᠡᠶᠢᠯᠡᠬᠦ ᠦᠵᠡᠯ ᠤᠬᠠᠮᠰᠠᠷ ᠢ  ᠳᠡᠭᠡᠭᠰᠢᠯᠡᠭᠦᠯᠦᠨ᠎ᠡ᠃ ᠡᠷᠦᠬᠡ ᠳᠤ ᠣᠷᠣᠵᠤ ᠲᠠᠶᠢᠯᠪᠤᠷᠢᠯᠠᠬᠤ᠂ ᠤᠬᠠᠭᠤᠯᠬᠤ ᠮᠠᠲ᠋ᠧᠷᠢᠶᠠᠯ ᠲᠠᠷᠬᠠᠭᠠᠬᠤ᠂ ᠨᠠᠭᠠᠬᠤ᠂ ᠸᠢᠴᠠᠲ ᠤᠨ ᠬᠤᠯᠪᠤᠭ᠎ᠠ ᠪᠠᠷ ᠳᠠᠮᠵᠢᠭᠤᠯᠤᠨ ᠪᠣᠭᠤᠮ᠎ᠠ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠵᠡᠷᠭᠡ ᠣᠯᠠᠨ ᠵᠦᠢᠯ ᠤᠨ ᠬᠡᠯᠪᠡᠷᠢ ᠪᠠᠷ ᠪᠣᠭᠤᠮ᠎ᠠ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠲᠡᠵᠢᠭᠡᠨ ᠦᠷᠡᠵᠢᠭᠦᠯᠬᠦ ᠠᠵᠢᠯᠲᠠᠨ ᠵᠡᠷᠭᠡ ᠭᠤᠤᠯᠳᠠᠯᠭ᠎ᠠ ᠲᠠᠢ ᠬᠥᠮᠦᠰ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠴᠢᠩᠭᠠᠳᠬᠠᠬᠤ ᠶᠢᠨ ᠬᠠᠮᠲᠤ ᠲᠡᠵᠢᠭᠡᠨ ᠦᠷᠡᠵᠢᠭᠦᠯᠬᠦ ᠡᠷᠦᠬᠡ ᠳᠤ ᠭᠤᠤᠯ ᠮᠥᠷᠡᠨ ᠵᠢᠴᠢ ᠬᠤᠲᠣᠭᠤᠷ ᠭᠠᠵᠠᠷ ᠲᠤ ᠣᠴᠢᠵᠤ ᠮᠠᠯ ᠬᠠᠷᠢᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ ᠭᠡᠵᠦ ᠬᠡᠯᠡᠵᠦ ᠥᠭᠪᠡ᠃ ᠣᠳᠣᠬᠠᠨ ᠪᠣᠯᠲᠠᠯ᠎ᠠ᠂ ︽ᠪᠣᠭᠤᠮ᠎ᠠ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠡᠯᠭᠦᠭᠡ︾᠂ ︽ᠪᠣᠭᠤᠮ᠎ᠠ ᠡᠪᠡᠳᠴᠢᠨ ᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠢᠯᠡ ᠴᠠᠭᠠᠰᠤ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 200 ᠭᠠᠷᠤᠶ ᠬᠤᠪᠢ ᠲᠠᠷᠬᠠᠭᠠᠭᠰᠠᠨ ᠪᠤᠶᠤ ᠨᠠᠭᠠᠪᠠ᠃    ᠬᠢᠵᠢᠭ ᠢ ᠰᠡᠷᠭᠡᠶᠢᠯᠡᠨ ᠠᠷᠢᠭᠤᠳᠬᠠᠬᠤ ᠶᠢ ᠴᠢᠩᠭᠠᠳᠬᠠᠵᠤ᠂ ᠲᠡᠵᠢᠭᠡᠨ ᠦᠷᠡᠵᠢᠭᠦᠯᠬᠦ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠣᠯᠭᠠᠨ᠎ᠠ᠃ ᠲᠣᠰᠬᠤᠨ ᠤ ᠱᠠᠲᠤᠨ ᠤ ᠬᠢᠵᠢᠭ ᠰᠡᠷᠭᠡᠶᠢᠯᠡᠭᠴᠢ ᠡᠷᠦᠬᠡ ᠳᠤ ᠣᠷᠣᠵᠤ ᠠᠷᠢᠭᠤᠳᠬᠠᠬᠤ ᠡᠮ ᠲᠠᠷᠬᠠᠭᠠᠬᠤ ᠶᠢᠨ ᠬᠠᠮᠲᠤ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠶᠢ ᠵᠢᠯᠣᠭᠤᠳᠤᠨ  ᠱᠠᠯᠠᠪᠳᠠᠭᠤᠯᠵᠤ ᠪᠠᠶᠢᠭᠠᠳ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ ᠶᠢ ᠴᠡᠪᠡᠷᠯᠡᠬᠦ ᠪᠠ ᠣᠷᠴᠢᠯ ᠠᠷᠢᠭᠤᠳᠬᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠥᠨᠴᠥᠭ ᠪᠤᠯᠤᠩ ᠦᠯᠡᠳᠡᠭᠡᠬᠦ ᠦᠭᠡᠶ᠂ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠡᠪᠡᠳᠴᠢᠨ ᠡᠭᠦᠰᠭᠡᠭᠴᠢ ᠮᠢᠺᠷᠣᠪ ᠢ ᠪᠦᠲᠦᠮᠵᠢᠲᠡᠶ ᠠᠷᠢᠯᠭᠠᠵᠤ᠂ ᠬᠢᠵᠢᠭ ᠤᠨ ᠪᠠᠶᠢᠳᠠᠯ ᠭᠠᠷᠬᠤ ᠶᠢ ᠴᠢᠩᠭ᠎ᠠ  ᠰᠡᠷᠭᠡᠶᠢᠯᠡᠨ᠎ᠡ᠃ ᠣᠳᠣᠬᠠᠨ ᠳᠤ᠂ ᠪᠥᠬᠦ ᠪᠠᠯᠭᠠᠰᠤᠨ ᠳᠤ ᠨᠢᠭᠡᠨᠲᠡ ᠬᠤᠯᠢᠮᠠᠭ ᠳᠡᠳ᠋ ᠡᠾᠯᠣᠷ ᠬᠦᠴᠢᠯ ᠤᠨ ᠨᠠᠳ᠋ᠷᠢ᠂ ᠬᠠᠯᠠᠭᠤᠨ ᠬᠤᠵᠢᠷ ᠵᠡᠷᠭᠡ ᠠᠷᠢᠭᠤᠳᠬᠠᠬᠤ ᠡᠮ ᠢ 70 ᠭᠠᠷᠤᠶ ᠬᠠᠶᠢᠷᠴᠠᠭ ︵ᠤᠭᠤᠲᠠ︶ ᠲᠠᠷᠬᠠᠭᠠᠪᠠ᠃    ᠬᠢᠵᠢᠭ ᠤᠨ ᠪᠠᠶᠢᠴᠠᠭᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠡᠪᠡᠳᠴᠢᠨ ᠤ ᠢᠷᠡᠯᠲᠡ ᠶᠢ ᠦᠨᠡᠨ ᠬᠦ ᠪᠢᠲᠡᠭᠦᠮᠵᠢᠯᠡᠨ᠎ᠡ᠃ ᠮᠠᠯ ᠠᠵᠤ ᠠᠬᠤᠶ ᠶᠢᠨ ᠲᠡᠭᠡᠭᠡᠪᠦᠷᠢ ᠳᠤ ᠬᠢᠵᠢᠭ ᠤᠨ ᠪᠠᠶᠢᠴᠠᠭᠠᠯᠲᠠ ᠬᠢᠬᠦ ᠰᠢᠰᠲ᠋ᠧᠮ ᠤᠨ ᠲᠠᠪᠴᠠᠩ ᠢᠶᠠᠷ ᠳᠠᠮᠵᠢᠭᠤᠯᠤᠨ᠂ ᠠᠮᠢᠲᠠᠨ ᠤ ᠬᠢᠨᠠᠨ ᠬᠠᠮᠢᠶᠠᠷᠬᠤ ᠶᠢ ᠰᠠᠶᠢᠲᠤᠷ ᠬᠢᠵᠦ᠂ ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ ᠪᠠ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠩᠰᠠᠯᠠᠭᠤᠯᠤᠭᠰᠠᠨ ᠪᠠᠶᠢᠳᠠᠯ ᠢ ᠴᠢᠩᠭ᠎ᠠ ᠪᠠᠶᠢᠴᠠᠭᠠᠨ ᠰᠢᠯᠭᠠᠵᠤ᠂ ᠭᠠᠳᠠᠷ ᠣᠷᠤᠨ ᠠᠴᠠ ᠣᠷᠤᠭᠤᠯᠤᠭᠰᠠᠨ ᠮᠠᠯ ᠵᠢᠭᠦᠷᠲᠡᠨ ᠤ ᠬᠢᠵᠢᠭ ᠤᠨ ᠪᠠᠶᠢᠴᠠᠭᠠᠯᠲᠠ ᠶᠢᠨ ᠬᠠᠮᠢᠶ᠎ᠠ ᠪᠥᠬᠦᠶ ᠭᠠᠷᠳᠠᠮ ᠪᠠ ᠠᠮᠢᠲᠠᠨ ᠤ ᠬᠦᠨᠳᠦ ᠶᠡᠭᠡ ᠪᠤᠰᠤ ᠬᠢᠵᠢᠭ ᠡᠪᠡᠳᠴᠢᠨ ᠤ ᠬᠢᠵᠢᠭᠲᠦ ᠪᠤᠰᠤ ᠣᠷᠣᠨ  ᠤ ᠭᠡᠷᠡᠴᠢ ᠶᠢ ᠪᠠᠷᠢᠨ ᠳᠣᠣᠷ᠎ᠠ ᠨᠢ  ᠪᠠᠶᠢᠴᠠᠭᠠᠵᠤ ᠴᠢᠩᠭ᠎ᠠ  ᠴᠠᠭᠠᠵᠠᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号