ᠬᠤᠰᠢᠭᠤᠨ ᠤ ᠠᠵᠤ ᠦᠢᠯᠡᠳᠪᠦᠷᠢ  ᠰᠢᠨᠵᠢᠯᠡᠬᠦ ᠤᠬᠠᠭᠠᠨ ᠤ ᠲᠣᠪᠴᠢᠶ᠎ᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/8/30
      8 ᠰᠠᠷ᠎ᠠ ᠶᠢᠨ 27 ᠤ ᠡᠳᠦᠷ᠂ ᠬᠤᠰᠢᠭᠤᠨ ᠤ ᠠᠵᠤ ᠦᠢᠯᠡᠳᠪᠦᠷᠢ ᠰᠢᠨᠵᠢᠯᠡᠬᠦ ᠤᠬᠠᠭᠠᠨ ᠤ ᠲᠣᠪᠴᠢᠶ᠎ᠠ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠵᠤ᠂ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠨᠢ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠵᠤ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠤᠬᠠᠨ ᠬᠤᠰᠢᠭᠤᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠲᠠᠰᠤᠷᠠᠯᠲᠠ ᠥᠬᠡᠶ ᠳᠠᠪᠰᠢᠬᠤ ᠶᠢ ᠠᠬᠢᠭᠤᠯᠬᠤ ᠶᠢᠨ ᠲᠥᠯᠥᠭᠡ ᠶᠤᠮ᠃        ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠤᠨ ᠭᠤᠤᠯ ᠠᠭᠤᠯᠭ᠎ᠠ ᠪᠣᠯ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠠᠵᠤ ᠠᠬᠤᠶᠢᠯᠠᠯ ᠢ ᠬᠠᠪᠰᠤᠷᠤᠨ ᠰᠡᠵᠢᠭ ᠢ ᠨᠢ ᠠᠯᠳᠠᠷᠠᠭᠠᠨ ᠲᠥᠭᠡᠷᠢᠭᠳᠡᠯ ᠢ ᠨᠢ ᠲᠠᠶᠢᠯᠵᠤ᠂ ᠬᠤᠷᠠᠯ ᠳᠤ ᠣᠷᠣᠯᠴᠠᠭᠰᠠᠨ 37 ᠠᠵᠤ ᠠᠬᠤᠶᠢᠯᠠᠯ ᠤᠨ ᠲᠥᠯᠥᠭᠡᠯᠡᠭᠴᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠤᠷᠠᠯ ᠤᠨ ᠲᠤᠬᠠᠶ ᠶᠢᠨ ᠲᠠᠯᠠᠪᠠᠶ ᠳᠤ ᠢᠳᠡᠪᠬᠢᠲᠡᠶ ᠪᠠᠷ ᠬᠥᠳᠡᠯᠦᠯᠴᠡᠵᠦ᠂ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠪᠠ ᠪᠠᠯᠠ ᠮᠥᠩᠭᠦ ᠶᠢᠨ ᠳᠡᠮᠵᠢᠯᠭᠡ ᠤᠯᠬᠤ ᠲᠠᠯ᠎ᠠ ᠪᠠᠷ ᠬᠢ ᠴᠢᠩᠭ᠎ᠠ ᠬᠦᠰᠡᠯ ᠡᠷᠡᠮᠡᠯᠵᠡᠯ ᠢ ᠢᠯᠡᠷᠡᠭᠦᠯᠦᠭᠰᠡᠨ ᠶᠠᠪᠤᠳᠠᠯ ᠪᠣᠯᠤᠨ᠎ᠠ᠃        ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠨᠢ ᠠᠵᠤ ᠠᠬᠤᠶᠢᠯᠠᠯ ᠳᠤ ᠲᠣᠳᠣᠷᠬᠠᠶ ᠬᠥᠭᠵᠢᠯᠲᠡ ᠶᠢᠨ ᠴᠢᠭᠯᠡᠯ ᠪᠠ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠬᠠᠩᠭᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠬᠠᠮᠤᠭ ᠤᠨ ᠰᠢᠨ᠎ᠡ ᠬᠠᠨᠳᠤᠰᠢ ᠶᠢ ᠡᠵᠡᠮᠰᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠠᠵᠤ ᠠᠬᠤᠶᠢᠯᠠᠯ ᠳᠤ ᠵᠠᠰᠠᠭ ᠤᠨ ᠣᠷᠳᠣᠨ ᠤ ᠠᠵᠤ ᠠᠬᠤᠶᠢᠯᠠᠯ ᠢ ᠳᠡᠮᠵᠢᠬᠦ ᠭᠤᠤᠯᠳᠠᠯᠭ᠎ᠠ ᠪᠠ ᠬᠥᠭᠵᠢᠯᠲᠡ ᠶᠢᠨ ᠲᠥᠯᠥᠪᠵᠢᠭᠦᠯᠭᠡ ᠶᠢ ᠲᠣᠳᠣᠷᠬᠠᠶ ᠣᠶᠢᠯᠠᠭᠠᠭᠤᠯᠬᠤ ᠶᠢᠨ ᠤᠯᠠᠮ ᠠᠴᠠ ᠲᠤᠰ ᠪᠡᠶ᠎ᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠪᠠᠨ ᠨᠡᠩ ᠰᠠᠶᠢᠲᠤᠷ ᠲᠣᠬᠢᠷᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ ᠵᠣᠬᠢᠴᠠᠭᠤᠯᠤᠨ᠎ᠠ᠃ ᠠᠵᠤ ᠠᠬᠤᠶᠢᠯᠠᠯ ᠢ ᠬᠠᠪᠰᠤᠷᠤᠨ ᠨᠡᠩ ᠤᠯᠠᠨ ᠪᠡᠯᠡ ᠮᠥᠩᠭᠦ ᠶᠢᠨ ᠳᠡᠮᠵᠢᠯᠭᠡ ᠣᠯᠭᠤᠬᠤ ᠶᠢᠨ ᠤᠯᠠᠮ ᠠᠴᠠ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠵᠦ᠂ ᠲᠡᠷᠢᠭᠦᠨ ᠤ ᠮᠡᠷᠭᠡᠵᠢᠯ ᠪᠠ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠪᠣᠬᠢᠷᠲᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ᠂ ᠤᠶᠤᠨᠴᠢᠯᠠᠬᠤ ᠲᠡᠰᠢ ᠬᠥᠭᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠤᠨ᠎ᠠ᠃ ᠡᠭᠦᠨ ᠠᠴᠠ ᠭᠠᠳᠠᠨ᠎ᠠ᠂ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠰᠠᠨ ᠨᠢ ᠪᠠᠰᠠ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠤᠨ ᠬᠤᠭᠤᠷᠣᠨᠳᠣᠬᠢ ᠨᠡᠪᠲᠡᠷᠡᠯᠴᠡᠭᠡ ᠪᠠ ᠬᠠᠷᠢᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠ ᠬᠦᠴᠢᠷᠳᠡᠯ ᠢ ᠴᠠᠭ ᠲᠤᠬᠠᠶ ᠳᠤᠨᠢ ᠣᠶᠢᠯᠠᠭᠠᠵᠤ᠂ ᠠᠵᠤ ᠠᠬᠤᠶᠢᠯᠠᠯ ᠳᠤ ᠨᠠᠩ ᠣᠨᠣᠪᠴᠢᠲᠠᠶ ᠦᠢᠯᠡᠴᠢᠯᠡᠭᠡ ᠪᠠ ᠳᠡᠮᠵᠢᠯᠭᠡ ᠬᠠᠩᠭᠠᠵᠤ᠂  ᠠᠷᠠᠯᠵᠢᠶ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠠᠤᠬᠠᠨ ᠬᠤᠰᠢᠭᠤᠨ ᠤ ᠠᠵᠤ ᠦᠢᠯᠡᠳᠪᠦᠷᠢ ᠶᠢᠨ ᠦᠷᠭᠦᠯᠵᠢᠯᠡᠬᠦ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ ᠃ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号