ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠴᠧᠨ ᠭᠠᠵᠠᠷ ᠤᠨ ᠳᠠᠷᠤᠭ᠎ᠠ ᠨᠠᠷ ᠹᠧᠩ ᠱᠸᠦ ᠰᠢᠶᠠᠩ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/8/5
    8 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠴᠧᠨ ᠭᠠᠵᠠᠷ ᠤᠨ ᠳᠠᠷᠤᠭ᠎ᠠ ᠨᠠᠷ ᠮᠠᠨ ᠤ ᠰᠢᠶᠠᠩ ᠳᠤ ᠢᠷᠡᠵᠦ ᠤᠯᠤᠰ ᠤᠨ ᠵᠢᠭᠡᠯᠡᠯᠭᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠠ     ᠴᠧᠨ ᠭᠠᠵᠠᠷ ᠤᠨ ᠳᠠᠷᠤᠭ᠎ᠠ ᠨᠠᠷ  ᠪᠠᠢ ᠲᠠ ᠽᠢ ᠲᠣᠰᠬᠤᠨ ᠤ ᠲᠦᠬᠦᠭᠡᠷᠦᠮᠵᠢᠲᠦ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠳᠤ ᠬᠦᠷᠴᠦ ᠲᠤᠬᠠᠢ ᠶᠢᠨ ᠲᠠᠯᠠᠪᠠᠢ ᠶᠢᠨ ᠵᠢᠯᠤᠭᠤᠳᠤᠯᠭ᠎ᠠ ᠬᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠶᠢᠳᠠᠯ ᠢ ᠪᠠᠶᠢᠴᠠᠭᠠᠨ ᠦᠵᠡᠵᠦ᠂  ᠪᠠᠢ ᠲᠠ ᠽᠢ ᠲᠣᠰᠬᠤᠨ ᠤ ᠲᠦᠷᠦᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠵᠡᠷᠭᠡ ᠠᠭᠤᠯᠭ᠎ᠠ ᠳᠤ ᠵᠢᠯᠣᠭᠤᠳᠬᠤ ᠰᠠᠨᠠᠯ ᠳᠤᠷᠠᠳᠬᠤ ᠶᠢᠨ ᠬᠠᠮᠲᠤ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠤᠯᠤᠰ ᠤᠨ ᠵᠢᠭᠡᠯᠡᠯᠭᠡ ᠨᠡᠮᠡᠭᠳᠡᠭᠦᠯᠬᠦ ᠲᠦᠷᠦᠯ ᠵᠦᠢᠯ ᠢ ᠠᠬᠢᠭᠤᠯᠤᠭᠰᠠᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠨ ᠶᠠᠷᠢᠯᠴᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠢ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠤᠯᠤᠰ ᠤᠨ ᠵᠢᠭᠡᠯᠡᠯᠭᠡ ᠶᠢ ᠨᠡᠮᠡᠭᠳᠡᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠣᠷᠣᠨ ᠨᠤᠲᠤᠭ ᠤᠨ ᠠᠵᠤ ᠠᠬᠤᠶ ᠶᠢ ᠳᠠᠶᠢᠴᠢᠯᠠᠬᠤ᠂ ᠣᠷᠣᠨ ᠪᠦᠰᠡ ᠶᠢᠨ ᠲᠡᠩᠴᠡᠭᠦᠷᠢ ᠶᠢ ᠠᠬᠢᠭᠤᠯᠬᠤ ᠪᠠᠷ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠃ ᠲᠣᠰ ᠤᠳᠠᠭᠠᠨ ᠤ ᠲᠥᠷᠥᠯ ᠵᠦᠢᠯ ᠨᠢ ᠭᠤᠤᠯᠳᠠᠭᠤ ᠤᠰᠤᠨ ᠠᠰᠢᠭᠯᠠᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠬᠦᠷᠢᠶ᠎ᠡ ᠴᠠᠷᠠᠭ᠎ᠠ ᠳᠤ ᠬᠤᠯᠪᠣᠭᠳᠠᠵᠤ᠂ ᠣᠷᠣᠨ ᠨᠤᠲᠤᠭ ᠤᠨ ᠰᠠᠭᠤᠷᠢ ᠲᠦᠬᠦᠭᠡᠷᠦᠮᠵᠢ ᠶᠢ ᠰᠢᠯᠢᠳᠡᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠠᠵᠢᠯ ᠡᠬᠢᠯᠡᠭᠦᠯᠬᠦ ᠴᠠᠭ ᠢ ᠴᠢᠩᠭ᠎ᠠ ᠠᠩᠬᠠᠷᠴᠤ᠂ ᠪᠣᠶ ᠪᠥᠬᠦᠶ ᠲᠥᠷᠥᠯ ᠵᠦᠢᠯ ᠢ ᠴᠠᠭ ᠲᠤᠬᠠᠶ ᠳᠤᠨᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢ ᠴᠠᠭ ᠲᠤᠬᠠᠢ ᠳᠤᠨᠢ ᠰᠠᠯᠭᠠᠨ ᠥᠭᠴᠦ ᠬᠡᠷᠡᠭᠯᠡᠬᠦ ᠶᠢ ᠦᠨᠡᠨ ᠬᠦ ᠪᠠᠲᠤᠯᠠᠵᠤ᠂ ᠲᠦᠷᠦᠯ ᠵᠦᠢᠯ ᠢ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠴᠢᠬᠤᠯᠠ ᠶᠡᠭᠡ ᠡᠭᠦᠷᠭᠡ ᠶᠢ ᠵᠣᠯᠭᠠᠭᠤᠯᠬᠤ ᠳᠤ ᠭᠦᠢᠴᠡᠳ ᠪᠡᠯᠡᠳᠬᠡᠯ ᠬᠢᠬᠦ ᠬᠡᠷᠡᠭᠲᠡᠢ᠃ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠵᠤ᠂ ᠰᠣᠳᠣᠨ ᠢᠨᠵᠧᠨᠧᠷᠢᠩ ᠢ ᠪᠦᠲᠦᠭᠡᠨ ᠪᠠᠶᠢᠭᠤᠯᠵᠤ᠂ ᠠᠷᠠᠳ ᠢᠷᠭᠡᠳ ᠲᠤ ᠪᠤᠶᠠᠨ ᠦᠢᠯᠡᠳᠬᠦ ᠬᠡᠷᠡᠭᠲᠡᠢ ᠭᠡᠵᠦ ᠵᠢᠭᠠᠨ ᠭᠠᠷᠭᠠᠪᠠ᠃    ᠮᠠᠨ ᠤ ᠰᠢᠶᠠᠩ ᠤᠨ ᠭᠤᠤᠯ ᠬᠠᠷᠢᠭᠤᠴᠠᠬᠤ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠠᠵᠢᠯ ᠤᠨ ᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠮᠠᠨ ᠤ ᠰᠢᠶᠠᠩ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠥᠳᠡᠭᠡ ᠲᠣᠰᠬᠤᠨ ᠤ ᠡᠯᠪᠡᠭ ᠬᠤᠷᠢᠶᠠᠯᠲᠠ ᠣᠯᠬᠤ᠂ ᠲᠠᠷᠢᠶᠠᠯᠠᠩ ᠤᠨ ᠥᠨᠳᠥᠷ ᠬᠤᠷᠢᠶᠠᠯᠲᠠ ᠣᠯᠬᠤ᠂ ᠲᠠᠷᠢᠶᠠᠴᠢᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠬᠥᠭᠵᠢᠯᠲᠡ ᠶᠢᠨ ᠠᠯᠤᠰ ᠤᠨ ᠲᠥᠯᠥᠪ ᠲᠤ ᠬᠦᠷᠴᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠦᠴᠦᠲᠡᠶ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号