ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠪᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠠᠭᠤᠷᠬᠠᠶ ᠶᠢᠨ ᠠᠵᠤ ᠠᠬᠤᠶᠢᠯᠠᠯ ᠤᠨ ᠬᠥᠳᠡᠯᠮᠦᠷᠢ ᠦᠢᠯᠡᠴᠢᠯᠡᠭᠡ ᠳᠤ ᠲᠣᠮᠢᠯᠠᠨ ᠬᠡᠷᠡᠭᠯᠡᠭᠰᠡᠨ ᠪᠠᠶᠢᠳᠠᠯ ᠢ ᠬᠢᠨᠠᠨ ᠪᠠᠶᠢᠴᠠᠭᠠᠪᠠ
ᠨᠡᠶᠢᠲᠡᠯᠡᠭᠰᠡᠨ ᠴᠠᠭ᠄
2024/8/5
     ᠬᠥᠳᠡᠯᠮᠦᠷᠢ ᠶᠢᠨ ᠬᠠᠷᠢᠴᠠᠭᠠᠨ ᠤ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠠᠭᠤᠷᠬᠠᠶ ᠶᠢᠨ ᠬᠤᠳᠳᠤᠭ ᠳᠣᠤᠷᠠᠬᠢ ᠠᠶᠤᠯᠭᠦᠢ ᠦᠢᠯᠡᠳᠪᠦᠷᠢᠯᠡᠯ ᠢ  ᠴᠢᠩᠭᠠᠳᠬᠠᠬᠤ ᠶᠢᠨ ᠲᠦᠯᠦᠭᠡ ᠂ ᠣᠶᠢᠷ᠎ᠠ ᠳᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠠᠵᠤ ᠠᠬᠤᠶᠢᠯᠠᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠶᠠᠭ ᠦᠢᠯᠡᠳᠪᠦᠷᠢᠯᠡᠵᠦ ᠪᠠᠶᠢᠭ᠎ᠠ ᠨᠡᠭᠦᠷᠡᠰᠦᠨ ᠤ ᠪᠤᠰᠤ ᠠᠭᠤᠷᠬᠠᠶ ᠶᠢᠨ ᠠᠵᠤ ᠠᠬᠤᠶᠢᠯᠠᠯ ᠤᠨ ᠬᠥᠳᠡᠯᠮᠦᠷᠢ ᠬᠦᠴᠦᠨ ᠤ ᠲᠣᠮᠢᠯᠠᠯᠲᠠ ᠶᠢᠨ ᠠᠵᠢᠯᠴᠢᠨ ᠬᠡᠷᠡᠭᠯᠡᠬᠦ᠂ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠵᠡᠷᠭᠡ ᠪᠠᠶᠢᠳᠠᠯ ᠢ ᠬᠢᠨᠠᠨ ᠪᠠᠶᠢᠴᠠᠭᠠᠪᠠ᠃     ᠠᠵᠤ ᠠᠬᠤᠶᠢᠯᠠᠯ ᠤᠨ ᠲᠣᠬᠠᠢ ᠶᠢᠨ ᠲᠠᠯᠠᠪᠠᠢ ᠳᠤ ᠂ ᠪᠠᠶᠢᠴᠠᠭᠠᠬᠤ ᠳᠣᠭᠤᠶᠢᠯᠠᠩ  ᠤᠨ ᠬᠢᠨ ᠠᠵᠤ ᠠᠬᠤᠶᠢᠯᠠᠯ ᠤᠨ ᠬᠥᠳᠡᠯᠮᠦᠷᠢ ᠬᠦᠴᠦᠨ ᠤ ᠲᠣᠮᠢᠯᠠᠯᠲᠠ ᠶᠢᠨ  ᠵᠠᠰᠠᠭ ᠵᠠᠬᠢᠷᠭᠠᠨ ᠤ ᠵᠦᠪᠰᠢᠶᠡᠷᠡᠯ ᠂  ᠬᠥᠳᠡᠯᠮᠦᠷᠢ ᠦᠢᠯᠡᠴᠢᠯᠡᠭᠡ ᠲᠣᠮᠢᠯᠠᠬᠤ ᠬᠡᠯᠡᠯᠴᠡᠭᠡᠷ ᠵᠡᠷᠭᠡ ᠪᠦᠬᠦᠢ ᠭᠠᠷᠲᠠᠮ ᠤᠨ ᠮᠠᠲ᠋ᠧᠷᠢᠶᠠᠯ ᠢ ᠪᠠᠶᠢᠴᠠᠭᠠᠵᠤ ᠂ ᠠᠵᠤ ᠠᠬᠤᠶᠢᠯᠠᠯ ᠤᠨ ᠬᠥᠳᠡᠯᠮᠦᠷᠢ ᠶᠢᠨ ᠭᠡᠷ᠎ᠡ ᠲᠣᠭᠲᠠᠬᠤ᠂ ᠠᠵᠢᠯᠲᠠᠨ ᠤ ᠬᠠᠮᠢᠶᠠᠷᠤᠯᠲᠠ᠂ ᠨᠡᠶᠢᠭᠡᠮ ᠤᠨ ᠳᠠᠭᠠᠳᠬᠠᠯ ᠤᠨ ᠲᠤᠰᠢᠶᠠᠬᠤ᠂ ᠴᠠᠯᠢᠩ ᠣᠯᠭᠤᠬᠤ ᠵᠡᠷᠭᠡ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠬᠤ ᠶᠢᠨ ᠬᠠᠮᠲᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ ᠠᠵᠤ ᠠᠬᠤᠶᠢᠯᠠᠯ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃    ᠳᠠᠷᠠᠭ᠎ᠠ ᠨᠢ᠂ ᠪᠠᠶᠢᠴᠠᠭᠠᠬᠤ ᠳᠤᠭᠤᠶᠢᠯᠠᠩ ᠤᠨ ᠬᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠨᠢᠭᠤᠷᠲᠠᠨ ᠤᠬᠠᠭᠤᠯᠤᠨ ᠲᠠᠶᠢᠯᠪᠤᠷᠢᠯᠠᠬᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠵᠡᠷᠭᠡ ᠣᠯᠠᠨ ᠲᠠᠯ᠎ᠠ ᠠᠴᠠ ᠤᠬᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠠᠵᠢᠯᠴᠢᠨ ᠬᠥᠷᠥᠩᠭᠡᠲᠡᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠠᠵᠤ ᠠᠬᠤᠶᠢᠯᠠᠯ ᠢ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠵᠢᠷᠤᠮᠵᠢᠯ ᠢ ᠴᠢᠩᠭ᠎ᠠ ᠵᠢᠷᠤᠮᠯᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠶᠢ ᠱᠠᠭᠠᠷᠳᠠᠬᠤ ᠶᠢᠨ ᠬᠠᠮᠲᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠪᠣᠯᠤᠨ ᠠᠵᠢᠯᠲᠠᠨ ᠠᠵᠢᠯᠴᠢᠨ ᠤ ᠬᠠᠷᠢᠭᠤ ᠲᠤᠰᠬᠠᠭᠰᠠᠨ ᠰᠠᠨᠠᠯ ᠢ ᠬᠢᠨᠠᠮᠠᠭᠠᠶ ᠰᠣᠨᠣᠰᠴᠤ᠂ ᠰᠡᠭᠦᠯᠴᠢ ᠶᠢᠨ ᠬᠤᠭᠤᠴᠠᠭᠠᠨ ᠳᠤ ᠠᠵᠤ ᠠᠬᠤᠶᠢᠯᠠᠯ ᠵᠢᠴᠢ ᠠᠵᠢᠯᠲᠠᠨ ᠠᠵᠢᠯᠴᠢᠨ ᠤ ᠬᠠᠷᠢᠭᠤ ᠰᠤᠷᠪᠤᠯᠵᠢᠯᠠᠬᠤ ᠠᠵᠢᠯ ᠢ ᠰᠠᠶᠢᠲᠤᠷ ᠬᠢᠬᠦ ᠳᠤ ᠪᠡᠯᠡᠳᠬᠡᠬᠦ ᠬᠡᠷᠡᠭᠲᠡᠶ ᠭᠡᠵᠦ ᠱᠠᠭᠠᠷᠳᠠᠪᠠ᠃    ᠲᠣᠰ ᠤᠳᠠᠭᠠᠨ ᠤ ᠬᠢᠨᠠᠯᠲᠠ ᠪᠠᠶᠢᠴᠠᠭᠠᠯᠲᠠ ᠪᠠᠷ ᠳᠡᠮᠵᠢᠨ᠂ ᠭᠤᠤᠯᠳᠠᠯᠭ᠎ᠠ ᠲᠠᠢ ᠨᠢᠭᠡᠴᠡ ᠶᠢᠨ ᠬᠠᠷᠢᠭᠤᠴᠠᠯᠭᠠᠲᠠᠨ ᠵᠢᠴᠢ ᠠᠵᠢᠯ ᠡᠷᠭᠢᠯᠡᠭᠰᠡᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ ᠦᠨᠡᠨ ᠬᠦ ᠴᠢᠩᠭᠠᠳᠬᠠᠵᠤ᠂ ᠬᠥᠳᠡᠯᠮᠦᠷᠢᠴᠢᠳ ᠤᠨ ᠡᠷᠬᠡ ᠠᠰᠢᠭ ᠢ ᠴᠢᠬᠤᠯᠠᠴᠢᠯᠠᠬᠤ᠂ ᠬᠠᠯᠠᠮᠵᠢᠯᠠᠬᠤ᠂ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号