ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠬᠥᠮᠦᠰ ᠢ ᠵᠣᠬᠢᠶᠠᠨ ᠪᠠᠶᠢᠭᠤᠯᠵᠤ ᠠᠷᠤ ᠬᠤᠷᠴᠢᠨ ᠬᠤᠰᠢᠭᠤᠨ ᠳᠤ ᠬᠦᠷᠴᠦ ︽ᠭᠤᠷᠪᠠᠨ ᠪᠡᠯᠡ︾  ᠶᠢ ᠴᠡᠪᠡᠷᠯᠡᠬᠦ ᠵᠢᠴᠢ ᠭᠠᠵᠠᠷ ᠰᠢᠷᠣᠶ ᠶᠢᠨ ᠡᠷᠭᠢᠯᠲᠡ ᠶᠢᠨ ᠲᠠᠪᠴᠠᠩ ᠤᠨ ᠬᠠᠮᠢᠶᠠᠷᠤᠯᠲᠠ ᠶᠢᠨ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/8/5
    ᠮᠠᠨ ᠤ ᠬᠤᠰᠢᠭᠤᠨ ᠤ ᠬᠥᠳᠡᠭᠡ ᠲᠣᠰᠬᠤᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠭᠦᠨᠵᠡᠭᠡᠶ ᠠᠬᠢᠭᠤᠯᠵᠤ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠪᠦᠷᠢᠯᠳᠦᠬᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠦᠢᠯᠡᠴᠢᠯᠡᠭᠡᠨ ᠤ ᠴᠢᠳᠠᠪᠤᠷᠢ ᠪᠠ ᠬᠥᠲᠥᠯᠥᠨ ᠳᠠᠭᠠᠭᠤᠯᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠳᠠᠷᠤᠭ᠎ᠠ ᠸᠠᠩ ᠸᠧᠨ ᠭᠠᠩ ᠪᠦᠯᠬᠦᠮ ᠳᠠᠭᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠠᠬᠢᠭᠤᠯᠬᠤ ᠲᠥᠪ ᠤᠨ ᠠᠵᠢᠯᠲᠠᠨ ᠵᠢᠴᠢ ᠬᠡᠰᠡᠭ ᠰᠢᠶᠠᠩ ᠪᠠᠯᠭᠠᠰᠤᠨ ᠤ ᠲᠠᠷᠢᠶᠠᠯᠠᠩ ᠤᠨ ᠡᠵᠡᠩᠨᠡᠯᠲᠡ ᠶᠢᠨ ᠥᠷᠲᠡᠭᠡ ᠶᠢᠨ ᠳᠠᠷᠤᠭ᠎ᠠ ᠶᠢ ᠵᠣᠬᠢᠶᠠᠨ ᠪᠠᠶᠢᠭᠤᠯᠤᠨ ᠠᠷᠤ ᠬᠤᠷᠴᠢᠨ ᠬᠤᠰᠢᠭᠤᠨ ᠳᠤ ᠬᠦᠷᠴᠦ ︽ᠭᠤᠷᠪᠠᠨ ᠪᠡᠯᠡ︾  ᠶᠢ ᠴᠡᠪᠡᠷᠯᠡᠬᠦ ᠵᠢᠴᠢ ᠭᠠᠵᠠᠷ ᠰᠢᠷᠣᠶ ᠶᠢᠨ ᠡᠷᠭᠢᠯᠲᠡ ᠶᠢᠨ ᠲᠠᠪᠴᠠᠩ ᠤᠨ ᠬᠠᠮᠢᠶᠠᠷᠤᠯᠲᠠ ᠵᠡᠷᠭᠡ ᠲᠤᠬᠠᠶᠢᠯᠠᠭᠰᠠᠨ ᠠᠵᠢᠯ ᠢ ᠰᠢᠨᠵᠢᠯᠡᠨ ᠪᠠᠶᠢᠴᠠᠭᠠᠪᠠ᠃    ᠰᠢᠨᠵᠢᠯᠡᠨ ᠪᠠᠶᠢᠴᠠᠭᠠᠵᠤ ᠰᠤᠷᠤᠯᠴᠠᠬᠤ ᠳᠤᠭᠤᠶᠢᠯᠠᠩ ᠤᠨ ᠬᠢᠨ ᠠᠷᠤ ᠬᠤᠷᠴᠢᠨ ᠬᠤᠰᠢᠭᠤᠨ ᠤ ᠰᠢᠨ ᠮᠢᠨ ᠰᠢᠶᠠᠩ ᠤᠨ ᠬᠠᠮᠢᠶ᠎ᠠ ᠪᠦᠬᠦᠢ ᠠᠵᠢᠯᠲᠠᠳ ᠲᠠᠢ ᠶᠠᠷᠢᠯᠴᠠᠨ ᠰᠣᠯᠢᠯᠴᠠᠵᠤ᠂ ᠰᠢᠨ ᠮᠢᠨ ᠰᠢᠶᠠᠩ ᠤᠨ ᠬᠠᠮᠲᠤ ᠶᠢᠨ ᠡᠬᠢ ᠪᠠᠶᠠᠯᠢᠭ ᠤᠨ ᠣᠶᠢᠲᠤ ᠭᠠᠵᠠᠷ᠂ ᠲᠠᠷᠢᠶᠠᠨ ᠭᠠᠵᠠᠷ᠂ ᠡᠪᠡᠰᠦᠲᠦ ᠭᠠᠵᠠᠷ᠂ ᠠᠲᠠᠷ ᠭᠠᠵᠠᠷ ᠵᠡᠷᠭᠡ ᠴᠡᠪᠡᠷᠯᠡᠬᠦ ᠠᠵᠢᠯ ᠤᠨ ᠲᠤᠷᠰᠢᠯᠭ᠎ᠠ ᠠᠷᠭ᠎ᠠ ᠵᠢᠴᠢ ︽12359︾ ᠠᠵᠢᠯ ᠤᠨ ᠠᠷᠭ᠎ᠠ ᠬᠡᠮᠵᠢᠶ᠎ᠡ ᠠᠪᠬᠤ ᠲᠠᠯ᠎ᠠ ᠪᠠᠷ ᠬᠢ ᠨᠡᠶᠢᠲᠡᠯᠢᠭ ᠲᠤᠷᠰᠢᠯᠭ᠎ᠠ ᠶᠢ ᠨᠠᠷᠢᠨ ᠬᠢᠨᠠᠮᠠᠭᠠᠶ ᠰᠣᠨᠣᠰᠬᠤ ᠶᠢᠨ ᠬᠠᠮᠲᠤ ᠬᠠᠮᠢᠶ᠎ᠠ ᠪᠦᠬᠦᠢ ᠠᠵᠢᠯᠲᠠᠳ ︽ᠭᠤᠷᠪᠠ ᠶᠢ ᠨᠢᠭᠡ ᠴᠣᠭᠴᠠᠵᠢᠭᠤᠯᠬᠤ︾᠂ ︽ᠲᠠᠷᠢᠶᠠᠯᠠᠩ ᠳᠤ ᠦᠢᠯᠡᠴᠢᠯᠡᠬᠦ︾ ᠺᠣᠮᠫᠠᠨᠢ ᠶᠢᠨ ᠪᠣᠳᠠᠲᠠᠶ ᠠᠵᠢᠯᠯᠠᠭᠠᠨ ᠤ ᠲᠤᠷᠰᠢᠯᠭ᠎ᠠ᠂ ᠲᠣᠰᠬᠤᠨ ᠤ ᠱᠠᠲᠤᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ ᠵᠡᠷᠭᠡ ᠶᠢ ᠨᠠᠷᠢᠨ ᠲᠠᠨᠢᠯᠴᠠᠭᠤᠯᠵᠠᠶ᠃ ᠬᠤᠷᠠᠯ ᠤᠨ ᠳᠠᠷᠠᠭ᠎ᠠ᠂ ᠰᠢᠨ ᠮᠢᠨ ᠰᠢᠶᠠᠩ ᠤᠨ ᠲᠠᠷᠢᠶᠠᠯᠠᠩ ᠤᠨ ᠡᠵᠡᠩᠨᠡᠯᠲᠡ ᠶᠢᠨ ᠥᠷᠲᠡᠭᠡ ᠶᠢᠨ ᠠᠵᠢᠯᠲᠠᠳ ᠪᠠᠰᠠ ᠰᠢᠨᠵᠢᠯᠡᠨ ᠪᠠᠶᠢᠴᠠᠭᠠᠬᠤ ᠳᠤᠭᠤᠶᠢᠯᠠᠩ ᠳᠤ ᠰᠦᠯᠵᠢᠶᠡᠨ ᠳᠡᠭᠡᠷ᠎ᠡ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠲᠠᠪᠴᠠᠩ ᠤᠨ ᠠᠵᠢᠯᠯᠠᠭᠠᠨ ᠤ ᠶᠠᠪᠤᠴᠠ ᠶᠢ ᠦᠵᠡᠭᠦᠯᠵᠦ᠂ ︽ᠴᠠᠭ ᠦᠶ᠎ᠡ ᠶᠢᠨ  ᠰᠢᠨ ᠮᠢᠨ︾ ᠤ ᠣᠯᠠᠨ ᠨᠡᠶᠢᠲᠡ ᠶᠢᠨ ᠳ᠋ᠤᠭᠠᠷ ᠤᠨ ᠠᠵᠢᠯᠯᠠᠬᠤ ᠠᠷᠭ᠎ᠠ ᠶᠢ ᠲᠠᠨᠢᠯᠴᠠᠭᠤᠯᠪᠠ᠃    ᠶᠠᠷᠢᠯᠴᠠᠬᠤ ᠬᠤᠷᠠᠯ ᠳᠡᠭᠡᠷ᠎ᠡ᠂ ᠸᠠᠩ ᠸᠧᠨ ᠭᠠᠩ ᠲᠣᠪᠴᠢᠶᠠᠨ ᠳᠠᠷᠤᠭ᠎ᠠ  ᠠᠴᠠ᠂ ᠲᠣᠰ ᠤᠳᠠᠭᠠᠨ ᠤ ᠰᠢᠨᠵᠢᠯᠡᠨ ᠪᠠᠶᠢᠴᠠᠭᠠᠵᠤ ᠰᠤᠷᠤᠯᠴᠠᠬᠤ ᠪᠠᠷ ᠳᠡᠮᠵᠢᠨ᠂ ᠬᠠᠮᠲᠤ ᠶᠢᠨ ᠪᠠᠯᠠ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠡᠷᠭᠢᠯᠲᠡ ᠶᠢᠨ ᠲᠠᠪᠴᠠᠩ ᠤᠨ ᠬᠠᠮᠢᠶᠠᠷᠤᠯᠲᠠ ᠶᠢᠨ ᠠᠵᠢᠯ ᠤᠨ ᠲᠤᠬᠠᠶ ᠭᠦᠨᠵᠡᠭᠡᠶ ᠲᠠᠨᠢᠯᠲᠠ ᠲᠠᠢ ᠪᠣᠯᠵᠣ᠂ ᠮᠠᠨ ᠤ ᠬᠤᠰᠢᠭᠤᠨ ᠤ ᠬᠠᠮᠢᠶ᠎ᠠ ᠪᠥᠬᠦᠶ ᠠᠵᠢᠯ ᠢ ᠥᠷᠨᠢᠭᠦᠯᠬᠦ ᠳᠤ ᠡᠷᠬᠢᠮ ᠨᠠᠨᠳᠢᠨ ᠲᠤᠷᠰᠢᠯᠭ᠎ᠠ ᠣᠯᠭᠤᠵᠤ ᠂ ᠪᠢᠳᠡᠨ ᠤ ︽ᠭᠤᠷᠪᠠᠨ ᠪᠠᠯᠠ︾ ᠶᠢ ᠴᠡᠪᠡᠷᠯᠡᠬᠦ ᠠᠵᠢᠯ ᠤᠨ ᠲᠤᠬᠠᠶ ᠢᠲᠡᠭᠡᠯ ᠵᠣᠷᠢᠭ ᠢ ᠨᠡᠮᠡᠭᠳᠡᠭᠦᠯᠦᠭᠰᠡᠨ ᠪᠥᠭᠡᠳ ᠡᠯ᠎ᠡ ᠤᠳᠤᠷᠢᠳᠤᠯᠭ᠎ᠠ ᠠᠤᠬᠠᠨ ᠬᠤᠰᠢᠭᠤᠨ ᠳᠤ  ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠯᠣᠭᠤᠳᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃    ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠰᠢᠨ ᠮᠢᠨ ᠰᠢᠶᠠᠩ ᠤᠨ ᠲᠤᠷᠰᠢᠯᠭ᠎ᠠ ᠠᠷᠭ᠎ᠠ ᠠᠪᠴᠠᠯ ᠢᠶᠠᠷ ᠲᠣᠯᠢ ᠪᠣᠯᠭᠠᠵᠤ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠵᠦ᠂ ︽ᠭᠤᠷᠪᠠᠨ ᠪᠠᠯᠠ︾  ᠶᠢ ᠴᠡᠪᠡᠷᠯᠡᠬᠦ ᠵᠢᠴᠢ ᠭᠠᠵᠠᠷ ᠰᠢᠷᠣᠶ ᠶᠢᠨ ᠡᠷᠭᠢᠯᠲᠡ ᠶᠢᠨ ᠲᠠᠪᠴᠠᠩ ᠤᠨ ᠬᠠᠮᠢᠶᠠᠷᠤᠯᠲᠠ ᠶᠢᠨ ᠠᠵᠢᠯ ᠤᠨ ᠬᠤᠯᠪᠣᠭᠳᠠᠯ ᠪᠥᠬᠦᠶ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠬᠤᠰᠢᠭᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号