ᠬᠤᠤ ᠹᠠᠩ ᠨᠠᠷ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/8/5
                  8 ᠰᠠᠷ᠎ᠠ ᠶᠢᠨ 4 ᠤ ᠡᠳᠦᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠶᠡᠭᠡ ᠰᠤᠷᠭᠠᠭᠤᠯᠢ ︵ᠬᠤᠸᠠ ᠳ᠋ᠦᠩ︶ ᠶᠢᠨ ᠵᠠᠬᠢᠷᠤᠯ ᠬᠤᠤ ᠹᠠᠩ ᠨᠠᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠣᠣ ᠼᠠᠢ ᠱᠧᠩ ᠤᠨ ᠪᠠᠷ᠎ᠠ ᠪᠣᠯᠤᠯᠴᠠᠭ᠎ᠠ ᠳᠣᠣᠷ᠎ᠠ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠪᠠ᠃
C:\Users\Administrator\Desktop\1.jpg
    ᠬᠤᠤ ᠹᠠᠩ ᠨᠠᠷ ᠠᠤᠬᠠᠨ ᠬᠤᠰᠢᠭᠤᠨ ᠤ ᠪᠦᠦ ᠲᠠ ᠲᠣᠰᠤᠲᠤ ᠵᠠᠨᠠᠷ ᠤᠨ ᠴᠢᠯᠠᠭᠤᠯᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠢᠩ ᠯᠦᠩ ᠸᠠ ᠶᠢᠨ ᠪᠠᠭᠤᠷᠢ ᠶᠢᠨ ᠬᠦᠷᠢᠶᠡᠯᠡᠩ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃    ᠠᠤᠬᠠᠨ ᠬᠤᠰᠢᠭᠤᠨ ᠤ ᠪᠦᠦ ᠲᠠ ᠲᠣᠰᠤᠲᠤ ᠵᠠᠨᠠᠷ ᠤᠨ ᠴᠢᠯᠠᠭᠤᠯᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠬᠤᠤ ᠹᠠᠩ ᠨᠠᠷ ᠮᠠᠨ ᠤ ᠬᠤᠰᠢᠭᠤᠨ ᠤ ᠲᠣᠰᠤᠲᠤ ᠵᠠᠨᠠᠷ ᠤᠨ ᠴᠢᠯᠠᠭᠤᠯᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠠᠷᠬᠠᠯᠲᠠ ᠶᠢᠨ ᠪᠠᠶᠢᠳᠠᠯ ᠪᠠ ᠦᠢᠯᠡᠳᠪᠦᠷᠢᠯᠡᠵᠦ ᠡᠳ᠋ᠰᠢᠭᠦᠯᠬᠦ᠂ ᠠᠵᠤ ᠦᠢᠯᠡᠰ ᠤᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠤ ᠹᠠᠩ ᠠᠴᠠ᠂ ᠲᠣᠰᠤᠲᠤ ᠵᠠᠨᠠᠷ ᠤᠨ ᠴᠢᠯᠠᠭᠤᠯᠢᠭ ᠪᠣᠯ ᠲᠦᠢᠯ ᠤᠨ ᠡᠷᠬᠢᠮ ᠨᠠᠨᠳᠢᠨ ᠪᠠᠶᠢᠭᠠᠯᠢ ᠶᠢᠨ ᠡᠬᠢ ᠪᠠᠶᠠᠯᠢᠭ ᠮᠥᠨ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠨᠢ ᠣᠷᠳᠣ ᠬᠤᠭᠤᠴᠠᠭ᠎ᠠ ᠪᠠᠷ ᠤᠯᠠᠷᠢᠨ ᠬᠤᠪᠢᠷᠠᠭᠰᠠᠨ ᠤ ᠣᠯᠵᠠᠪᠤᠷᠢ ᠲᠠᠢ ᠪᠠᠶᠢᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢᠨ ᠬᠠᠮᠲᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠠᠮᠠᠭᠠᠯᠠᠯᠲᠠ ᠪᠠ ᠵᠠᠰᠠᠯᠲᠠ ᠶᠢ ᠨᠠᠩ ᠰᠠᠶᠢᠲᠤᠷ ᠬᠢᠬᠦ ᠬᠡᠷᠡᠭᠲᠡᠢ ᠭᠡᠵᠦ ᠢᠯᠡᠷᠬᠡᠶᠢᠯᠡᠪᠡ᠃
 C:\Users\Administrator\Desktop\2.jpg
   ᠰᠢᠩ ᠯᠦᠩ ᠸᠠ ᠶᠢᠨ ᠪᠠᠭᠤᠷᠢ ᠶᠢᠨ ᠬᠦᠷᠢᠶᠡᠯᠡᠩ ᠳᠤ᠂ ᠬᠤᠤ ᠹᠠᠩ ᠨᠠᠷ ᠪᠠᠭᠤᠷᠢ ᠶᠢᠨ ᠲᠡᠦᠬᠡ ᠰᠣᠶᠣᠯ ᠤᠨ ᠲᠠᠨᠢᠯᠴᠠᠭᠤᠯᠭ᠎ᠠ ᠶᠢ ᠰᠣᠨᠣᠰᠴᠤ᠂ ︽ᠬᠤᠸᠠ ᠰᠢᠶᠠ ᠨᠢᠭᠡᠳᠦᠭᠡᠷ ᠲᠣᠰᠬᠤᠨ︾ ᠤ ᠪᠦᠷᠢᠯᠳᠦᠭᠰᠡᠨ ᠶᠠᠪᠤᠴᠠ᠂ ᠲᠤᠬᠠᠢ ᠶᠢᠨ ᠲᠠᠯᠠᠪᠠᠢ ᠶᠢᠨ ᠪᠣᠳᠠᠲᠤ ᠪᠣᠳᠠᠰ᠂ ᠪᠠᠭᠤᠷᠢ ᠠᠴᠠ ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠵᠡᠷᠭᠡ ᠲᠠᠯ᠎ᠠ ᠶᠢᠨ ᠠᠭᠤᠯᠭ᠎ᠠ ᠶᠢ ᠣᠶᠢᠯᠠᠭᠠᠪᠠ᠃
C:\Users\Administrator\Desktop\3.jpg
    ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠰᠢᠶᠠ ᠯᠢ ᠮᠢᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃
C:\Users\Administrator\Desktop\4.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号