ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠢᠨ ᠠᠤᠬᠠᠨ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/8/6
      ᠣᠷᠴᠢᠮ ᠤᠨ ᠡᠳᠦᠷ᠂ ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠤᠶᠠᠷ ᠬᠥᠮᠦᠨ ᠮᠠᠨ ᠤ ᠬᠤᠰᠢᠭᠤᠨ ᠳᠤ ᠢᠷᠡᠵᠦ ᠥᠪᠥᠷ ᠮᠣᠩᠭᠤᠯ ᠤᠨ ᠵᠥᠩ ᠤᠣ ᠢᠳᠡᠭᠡᠨ ᠤ ᠬᠢᠵᠠᠭᠠᠷᠲᠤ ᠺᠣᠮᠫᠠᠨᠢ ᠶᠢᠨ ᠠᠵᠤ ᠦᠢᠯᠡᠳᠪᠦᠷᠢ ᠠᠷᠠᠯᠵᠢᠶ᠎ᠠ ᠶᠢ ᠰᠠᠯᠭᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠠᠤᠬᠠᠨ ᠬᠤᠰᠢᠭᠤᠨ ᠤ ᠬᠤᠳᠠᠯᠳᠤᠭᠠᠨ ᠤ ᠪᠠᠯᠠ ᠣᠷᠣᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠥᠮᠦᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠢᠨ ᠬᠤᠰᠢᠭᠤᠨ ᠤ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠬᠢᠭᠡᠳ ᠥᠪᠥᠷ ᠮᠣᠩᠭᠤᠯ ᠤᠨ ᠵᠥᠩ ᠤᠣ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠠᠢ ᠬᠠᠮᠲᠤᠷᠠᠨ ᠲᠡᠭᠦᠨ ᠤ ᠠᠵᠤ ᠦᠢᠯᠡᠳᠪᠦᠷᠢ ᠠᠷᠠᠯᠵᠢᠶ᠎ᠠ ᠶᠢ ᠰᠠᠯᠭᠠᠬᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠠᠮᠵᠢᠯᠲᠠ ᠪᠦᠲᠦᠮᠵᠢ ᠶᠢᠨ ᠪᠤᠴᠠᠯᠲᠠ ᠶᠢᠨ ᠠᠵᠢᠯ ᠢ ᠭᠦᠨᠵᠡᠭᠡᠶ ᠶᠠᠷᠢᠯᠴᠠᠵᠤ᠂ ᠥᠪᠥᠷ ᠮᠣᠩᠭᠤᠯ ᠤᠨ ᠵᠥᠩ ᠤᠣ ᠢᠳᠡᠭᠡᠨ ᠤ ᠬᠢᠵᠠᠭᠠᠷᠲᠤ ᠺᠣᠮᠫᠠᠨᠢ ᠶᠢᠨ ᠪᠣᠳᠠᠲᠠᠶ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠣᠬᠢᠴᠠᠩᠭᠤᠶ ᠵᠢᠯᠣᠭᠤᠳᠬᠤ ᠰᠠᠨᠠᠯ ᠭᠠᠷᠭᠠᠪᠠ᠃ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠥᠪᠥᠷ ᠮᠣᠩᠭᠤᠯ ᠤᠨ ᠵᠥᠩ ᠤᠣ ᠢᠳᠡᠭᠡᠨ ᠤ ᠬᠢᠵᠠᠭᠠᠷᠲᠤ ᠺᠣᠮᠫᠠᠨᠢ ᠶᠢᠨ ᠠᠵᠤ ᠦᠢᠯᠡᠳᠪᠦᠷᠢ ᠠᠷᠠᠯᠵᠢᠶ᠎ᠠ ᠶᠢ ᠰᠠᠯᠭᠠᠬᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠠᠮᠵᠢᠯᠲᠠ ᠪᠦᠲᠦᠮᠵᠢ ᠶᠢ ᠪᠤᠴᠠᠭᠠᠨ ᠠᠪᠴᠢᠷᠠᠬᠤ ᠠᠵᠢᠯ ᠤᠨ ᠠᠬᠢᠴᠠ ᠶᠢ ᠳᠥᠯᠭᠢᠨ ᠠᠬᠢᠭᠤᠯᠵᠤ᠂ ᠠᠤᠬᠠᠨ ᠬᠤᠰᠢᠭᠤᠨ ᠤ ᠬᠤᠳᠠᠯᠳᠤᠭᠠᠨ ᠤ ᠪᠡᠯᠡ ᠣᠷᠣᠭᠤᠯᠤᠯᠲᠠ ᠶᠢᠨ ᠲᠣᠪᠴᠢᠶ᠎ᠠ ᠠᠴᠠ ᠠᠵᠤ ᠦᠢᠯᠡᠳᠪᠦᠷᠢ ᠠᠷᠠᠯᠵᠢᠶ᠎ᠠ ᠶᠢ ᠰᠠᠯᠭᠠᠬᠤ ᠵᠢᠴᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠠᠮᠵᠢᠯᠲᠠ ᠪᠦᠲᠦᠮᠵᠢ ᠶᠢᠨ ᠪᠤᠴᠠᠵᠤ ᠢᠷᠡᠬᠦ ᠠᠵᠢᠯ ᠢ ᠦᠷᠭᠦᠯᠵᠢᠯᠡᠨ ᠳᠥᠯᠭᠢᠨ ᠠᠬᠢᠭᠤᠯᠬᠤ ᠪᠣᠯᠤᠨ᠎ᠠ᠃  
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号