ᠠᠤᠬᠠᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ 2024 ᠣᠨ ᠤ ᠳᠡᠭᠡᠷ᠎ᠡ ᠬᠠᠭᠠᠰ ᠵᠢᠯ ᠤᠨ ᠦᠵᠡᠯ ᠤᠬᠠᠮᠰᠠᠷ ᠤᠨ ᠬᠡᠯᠪᠡᠷᠢ ᠶᠢ ᠵᠠᠳᠠᠯᠤᠨ ᠰᠤᠳᠤᠯᠵᠤ ᠮᠠᠭᠠᠳᠯᠠᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/8/6
    ᠣᠶᠢᠷ᠎ᠠ ᠳᠤ᠂ ᠠᠤᠬᠠᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ 2024 ᠣᠨ ᠤ ᠳᠡᠭᠡᠷ᠎ᠡ ᠬᠠᠭᠠᠰ ᠵᠢᠯ ᠤᠨ ᠦᠵᠡᠯ ᠤᠬᠠᠮᠰᠠᠷ ᠤᠨ ᠬᠡᠯᠪᠡᠷᠢ ᠶᠢ ᠵᠠᠳᠠᠯᠤᠨ ᠰᠤᠳᠤᠯᠬᠤ ᠬᠤᠷᠠᠯ ᠬᠤᠷᠠᠯᠳᠤᠵᠤ᠂ ᠣᠳᠣᠬᠠᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠭᠤᠤᠯᠳᠠᠯᠭ᠎ᠠ ᠲᠠᠢ ᠬᠦᠴᠢᠷᠳᠡᠯ ᠲᠠᠢ ᠤᠶᠠᠯᠳᠤᠭᠤᠯᠤᠨ᠂ ᠲᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠢ ᠰᠤᠳᠤᠯᠪᠠ᠃ ᠬᠤᠷᠠᠯ ᠢ ᠬᠢᠨᠠᠨ ᠪᠤᠳᠤᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠡᠷᠭᠢᠯᠡᠵᠦ᠂ ᠪᠥᠬᠦ ᠬᠥᠮᠦᠰ ᠣᠷᠣᠯᠴᠠᠵᠠᠶ᠃    ᠬᠤᠷᠠᠯ ᠠᠴᠠ᠂ ᠬᠢᠨᠠᠨ ᠪᠤᠳᠤᠬᠤ ᠪᠠᠶᠢᠭᠤᠯᠭ᠎ᠠ ᠶᠢᠨ ᠤᠯᠤᠰ ᠲᠥᠷᠥ ᠶᠢᠨ ᠰᠢᠨᠵᠢ ᠴᠢᠨᠠᠷ ᠨᠢ ᠬᠢᠨᠠᠨ ᠪᠤᠳᠤᠬᠤ ᠠᠵᠢᠯ ᠪᠣᠯ ᠤᠯᠤᠰ ᠲᠥᠷᠥ ᠶᠢᠨ ᠴᠢᠨᠠᠷ ᠢᠶᠠᠷ ᠮᠠᠰᠢ ᠴᠢᠩᠭ᠎ᠠ ᠲᠤᠬᠠᠶᠢᠯᠠᠭᠰᠠᠨ ᠠᠵᠢᠯ ᠪᠣᠯᠬᠤ ᠪᠠᠷ ᠪᠠᠷᠠᠬᠤ ᠥᠬᠡᠶ ᠪᠠᠰᠠ ᠴᠤ ᠲᠤᠬᠠᠶᠢᠯᠠᠭᠰᠠᠨ ᠠᠵᠢᠯ ᠤᠨ ᠴᠢᠨᠠᠷ ᠢᠶᠠᠷ ᠮᠠᠰᠢ ᠴᠢᠩᠭ᠎ᠠ ᠤᠯᠤᠰ ᠲᠥᠷᠥ ᠶᠢᠨ ᠠᠵᠢᠯ ᠮᠥᠨ᠂ ᠪᠥᠬᠦ ᠬᠢᠨᠠᠨ ᠪᠤᠳᠤᠬᠤ ᠠᠵᠢᠯᠲᠠᠳ ᠡᠷᠬᠡᠪᠰᠢ ᠨᠠᠮ ᠤᠨ ᠤᠳᠤᠷᠢᠳᠤᠯᠭ᠎ᠠ ᠳᠣᠤᠷ᠎ᠠ᠂ ᠦᠵᠡᠯ ᠤᠬᠠᠮᠰᠠᠷ ᠤᠨ ᠬᠡᠯᠪᠡᠷᠢ ᠬᠢᠭᠡᠳ ᠬᠢᠨᠠᠨ ᠪᠤᠳᠤᠬᠤ ᠲᠤᠬᠠᠶᠢᠯᠠᠭᠰᠠᠨ ᠠᠵᠢᠯ ᠢ ᠠᠭᠤᠰᠤᠯᠴᠠᠭᠤᠯᠤᠨ᠂ ᠡᠳᠦᠷ ᠲᠤᠲᠤᠮ ᠤᠨ ᠠᠵᠢᠯ ᠯᠤᠭ᠎ᠠ ᠠᠭᠤᠰᠤᠯᠴᠠᠭᠤᠯᠵᠤ᠂ ᠦᠵᠡᠯ ᠰᠠᠨᠠᠭᠠᠨ ᠤ ᠵᠢᠯᠣᠭᠤᠳᠣᠯᠭ᠎ᠠ ᠶᠢ ᠳᠣᠪᠤᠶᠢᠯᠭᠠᠬᠤ᠂ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠬᠤ᠂ ᠦᠵᠡᠯ ᠤᠬᠠᠮᠰᠠᠷ ᠤᠨ ᠬᠡᠯᠪᠡᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠵᠦ᠂ ᠠᠤᠬᠠᠨ ᠬᠤᠰᠢᠭᠤᠨ ᠤ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠪᠣᠯ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠮᠥᠨ᠃ ᠳᠣᠣᠷ᠎ᠠ ᠬᠠᠭᠠᠰ ᠵᠢᠯ ᠵᠢᠴᠢ ᠬᠤᠶᠢᠰᠢᠳᠠ ᠶᠢᠨ ᠠᠵᠢᠯ ᠤᠨ ᠳᠤᠮᠳᠠ᠂ ᠨᠢᠭᠡ ᠳᠤ᠂ ᠤᠨᠤᠯ ᠢᠶᠠᠷ ᠵᠡᠪᠰᠡᠭᠯᠡᠬᠦ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠢ︔ ᠬᠤᠶᠠᠷ ᠲᠤ ᠂ ᠡᠩᠨᠡᠭᠡᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠪᠦᠬᠦ ᠠᠵᠢᠯᠳᠠᠨ ᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ︔ ᠭᠤᠷᠪᠠ ᠳᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号