ᠮᠣᠳᠤᠨ ᠠᠶᠢᠯ ᠰᠢᠶᠠᠩ ᠤᠨ ︽ᠣᠢ ᠶᠢᠨ ᠬᠤᠷᠮᠣᠶ︾ ᠶᠢᠨ ᠪᠣᠰᠤᠭ᠎ᠠ ᠴᠣᠭᠴᠠᠲᠤ ᠠᠵᠤ ᠠᠬᠤᠶ ᠶᠢ ᠬᠥᠭᠵᠢᠭᠦᠯᠵᠦ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/8/7
     ᠣᠶᠢᠷ᠎ᠠ ᠶᠢᠨ ᠵᠢᠯ ᠠᠴᠠ᠂ ᠮᠣᠳᠣᠨ ᠠᠶᠢᠯ ᠰᠢᠶᠠᠩ ᠠᠵᠢᠯ ᠤᠨ ᠰᠡᠳᠬᠢᠴᠡ ᠪᠠᠨ ᠲᠠᠰᠤᠷᠠᠯᠲᠠ ᠦᠭᠡᠢ ᠰᠢᠨᠡᠴᠢᠯᠡᠵᠦ᠂ ᠠᠵᠤ ᠠᠬᠤᠢ ᠶᠢᠨ ᠤᠢ ᠶᠢ ᠥᠭᠡᠷᠡᠴᠢᠯᠡᠬᠦ ᠶᠠᠪᠤᠴᠠ ᠳᠤ ᠪᠦᠷᠢᠯᠳᠦᠭᠰᠡᠨ ᠰᠠᠶᠢᠨ ᠰᠠᠶᠢᠬᠠᠨ ᠤᠢ ᠶᠢᠨ ᠬᠤᠷᠮᠣᠢ ᠶᠢᠨ ᠣᠷᠣᠨ ᠵᠠᠢ ᠶᠢ ᠭᠦᠢᠴᠡᠳ ᠠᠰᠢᠭᠯᠠᠵᠤ᠂ ᠤᠯᠠᠨ ᠡᠰᠢᠲᠦ ᠡᠵᠡᠩᠨᠡᠯᠲᠡ ᠶᠢᠨ ᠵᠠᠭᠪᠤᠷ ᠢ ᠪᠠᠶᠢᠭᠤᠯᠵᠤ᠂ ︽ᠤᠢ ᠶᠢᠨ ᠬᠤᠷᠮᠣᠢ ︾ ᠶᠢᠨ ᠪᠣᠰᠤᠭ᠎ᠠ ᠴᠣᠭᠴᠠᠲᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠠᠵᠤ ᠠᠬᠤᠢ ᠶᠢᠨ ᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠵᠦ᠂ ᠤᠢ ᠰᠢᠭᠤᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠡᠢ᠃    ᠳ᠋ᠦᠩ ᠸᠠᠨ ᠽᠢ ᠲᠣᠰᠬᠤᠨ ᠤ ᠰᠠᠨ ᠱᠧᠩ ᠾᠧ ᠠᠶᠢᠯ ᠲᠣᠰᠬᠤᠨ ᠳᠤ ᠬᠦᠷᠬᠦ ᠳᠤ᠂ ᠸᠠᠨ ᠪᠠᠢ ᠱᠤᠭᠤᠮ ᠤᠨ ᠵᠠᠰᠠᠮᠠᠯ ᠵᠠᠮ ᠨᠢ ᠵᠡᠭᠦᠨᠰᠢ 500 ᠮᠧᠲᠷ᠂ 660 ᠮᠦ ᠰᠡᠩᠳᠡᠩ ᠮᠣᠳᠤᠨ ᠲᠠᠷᠢᠮᠠᠯ ᠤᠨ ᠰᠠᠭᠤᠷᠢᠨ ᠭᠠᠵᠠᠷ ᠨᠢ ᠨᠢᠳᠦᠨ ᠳᠤ ᠲᠣᠳᠣᠷᠠᠵᠤ᠂ ᠣᠢ ᠶᠢᠨ ᠬᠤᠷᠮᠣᠢ ᠳᠤ 150 ᠮᠦ ᠬᠢᠲᠠᠳ ᠡᠮ ᠤᠨ ᠮᠠᠲ᠋ᠧᠷᠢᠶᠠᠯ ᠳᠠᠷᠢᠵᠦ ᠪᠠᠶᠢᠨ᠎ᠠ᠃ ᠣᠶᠢᠯᠠᠭᠠᠭᠰᠠᠨ ᠢᠶᠠᠷ᠂ ᠰᠡᠩᠳᠡᠩ ᠮᠣᠳᠤᠨ  ᠪᠣᠯ ᠮᠠᠨ ᠤ ᠤᠯᠤᠰ ᠲᠤ ᠣᠨᠴᠠ ᠪᠠᠶᠢᠳᠠᠭ ᠰᠢᠯᠢᠳᠡᠭ ᠰᠠᠶᠢᠨ ᠮᠣᠳᠣᠯᠢᠭ ᠲᠣᠰᠣᠨ ᠮᠠᠲ᠋ᠧᠷᠢᠶᠠᠯ ᠤᠨ ᠮᠣᠳᠣᠨ ᠤ ᠲᠥᠷᠥᠯ ᠪᠠᠶᠢᠵᠤ᠂ ᠬᠥᠷᠥᠰᠥ ᠰᠢᠷᠣᠢ ᠶᠢ ᠬᠠᠮᠠᠭᠠᠯᠠᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠠᠭᠠᠷ ᠢ ᠴᠡᠪᠡᠷᠰᠢᠭᠦᠯᠬᠦ ᠵᠡᠷᠭᠡ ᠠᠮᠢ ᠠᠬᠤᠢ ᠶᠢᠨ ᠬᠠᠮᠠᠭᠠᠯᠠᠯᠲᠠ ᠶᠢᠨ ᠰᠠᠶᠢᠨ ᠴᠢᠳᠠᠮᠵᠢ ᠲᠠᠢ ᠪᠠᠶᠢᠵᠤ᠂ ᠨᠢᠭᠡᠨᠲᠡ ᠮᠠᠰᠢ ᠣᠯᠠᠨ ᠭᠠᠩ ᠬᠠᠭᠤᠷᠠᠢ ᠭᠠᠵᠠᠷ ᠣᠷᠣᠨ ᠤ ᠠᠭᠯᠠᠭ ᠠᠭᠤᠯᠠ ᠶᠢ ᠨᠣᠭᠤᠭᠠᠷᠠᠭᠤᠯᠬᠤ᠂ ᠮᠣᠳᠣ ᠲᠠᠷᠢᠵᠤ ᠣᠶᠢᠵᠢᠭᠤᠯᠬᠤ ᠲᠡᠷᠢᠭᠦᠨ ᠰᠣᠩᠭᠤᠯᠲᠠ ᠶᠢᠨ ᠮᠣᠳᠣᠨ ᠤ ᠲᠥᠷᠥᠯ ᠪᠣᠯᠤᠭᠰᠠᠨ ᠪᠠᠶᠢᠨ᠎ᠠ᠃    ᠮᠣᠳᠣᠨ ᠠᠶᠢᠯ ᠰᠢᠶᠠᠩ ︽ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠵᠦᠢ ᠵᠣᠬᠢᠰᠲᠠᠶ ᠪᠠᠶᠢᠷᠢᠰᠢᠭᠤᠯᠬᠤ᠂ ᠣᠨᠴᠠᠯᠢᠭ ᠢ ᠳᠣᠪᠤᠶᠢᠯᠭᠠᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠵᠠᠷᠴᠢᠮ ᠶᠣᠰᠣᠭᠠᠷ᠂ ᠣᠶ ᠶᠢᠨ ᠬᠤᠷᠮᠣᠶ ᠶᠢᠨ ᠬᠢᠲᠠᠳ ᠡᠪᠡᠰᠦᠨ ᠡᠮ ᠤᠨ ᠮᠠᠲ᠋ᠧᠷᠢᠶᠠᠯ ᠳᠠᠷᠢᠬᠤ ᠠᠵᠤ ᠦᠢᠯᠡᠰ ᠢ ᠭᠤᠤᠯᠳᠠᠯᠭ᠎ᠠ ᠲᠠᠢ ᠪᠤᠶᠢᠵᠢᠭᠤᠯᠤᠨ ᠬᠥᠭᠵᠢᠭᠦᠯᠵᠦ᠂ ︽ᠰᠡᠩᠳᠡᠩ  ᠮᠣᠳᠣᠨ ᠤ ᠳᠣᠤᠷᠠᠬᠢ ᠭᠠᠵᠠᠷ ᠰᠢᠷᠣᠶ ᠶᠢᠨ ᠡᠬᠢ ᠪᠠᠶᠠᠯᠢᠭ ᠢ ᠭᠦᠢᠴᠡᠳ ᠠᠰᠢᠭᠯᠠᠬᠤ ᠪᠠᠷ ᠳᠠᠮᠵᠢᠭᠤᠯᠤᠨ᠂ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠲᠥᠷᠥᠯ ᠵᠦᠢᠯ ᠢ ᠨᠠᠷᠢᠨ ᠰᠣᠩᠭᠤᠵᠤ᠂ ᠬᠢᠲᠠᠳ ᠡᠮ ᠤᠨ ᠮᠠᠲ᠋ᠧᠷᠢᠶᠠᠯ ᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨᠴᠢ ᠪᠠᠷ ᠰᠠᠯᠠᠭ᠎ᠠ ᠬᠠᠶᠢᠴᠢᠯᠠᠵᠤ ᠪᠣᠷᠳᠣᠭᠤᠷ ᠣᠷᠣᠭᠤᠯᠵᠤ᠂ ᠣᠶᠢᠲᠤ ᠭᠠᠵᠠᠷ ᠤᠨ ᠶᠡᠷᠦᠩᠬᠡᠶᠢᠯᠡᠭᠰᠡᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠣᠶ ᠰᠢᠭᠤᠶ ᠶᠢᠨ ᠡᠬᠢ ᠪᠠᠶᠠᠯᠢᠭ ᠤᠨ ᠬᠠᠮᠠᠭᠠᠯᠠᠯᠲᠠ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ︽ᠬᠤᠶᠠᠷ ᠲᠠᠯ᠎ᠠ ᠶᠢ ᠠᠳᠬᠤᠵᠤ ᠂ ᠬᠤᠶᠠᠷ ᠲᠠᠯ᠎ᠠ ᠶᠢ ᠴᠢᠩᠭ᠎ᠠ ᠠᠳᠬᠤᠬᠤ︾ ᠶᠢ ᠦᠨᠡᠨᠬᠦ ᠪᠡᠶᠡᠯᠡᠭᠦᠯᠦᠨ᠎ᠡ᠃    ᠳ᠋ᠦᠩ ᠸᠠᠨ ᠽᠢ ᠲᠣᠰᠬᠤᠨ ᠤ ᠰᠠᠨ ᠱᠧᠩ ᠾᠧ ᠰᠡᠩᠳᠡᠩ  ᠮᠣᠳᠤ ᠶᠢ  2016 ᠣᠨ ᠳᠤ ᠲᠠᠷᠢᠵᠤ᠂ ᠰᠡᠩᠳᠡᠩ  ᠮᠣᠳᠤ  ᠶᠢ ︽ᠲᠡᠮᠦᠷ ᠡᠰᠢᠲᠦ ᠲᠠᠷᠢᠶ᠎ᠠ︾ ᠭᠡᠵᠦ ᠨᠡᠷᠡᠶᠢᠳᠴᠦ᠂ ᠠᠵᠤ ᠠᠬᠤᠢ ᠶᠢᠨ ᠮᠣᠳᠣᠨ ᠤ ᠲᠦᠷᠦᠯ ᠤᠨ ᠸᠠᠩ ᠮᠥᠨ᠂ ᠪᠦᠬᠦ ᠪᠡᠶ᠎ᠡ ᠨᠢ ᠴᠥᠮ ᠡᠷᠳᠡᠨᠢ ᠪᠣᠯᠬᠤ ᠪᠣᠯᠤᠨ᠎ᠠ᠃ ᠡᠷᠲᠡ ᠵᠢᠮᠢᠰᠯᠡᠵᠦ ᠂ ᠦᠢᠯᠡᠳᠪᠦᠷᠢᠯᠡᠯ ᠤᠨ ᠴᠢᠳᠠᠪᠤᠷᠢ ᠰᠠᠶᠢᠨ ᠪᠠᠶᠢᠳᠠᠭ᠃ ᠡᠩ ᠤᠨ ᠪᠠᠶᠢᠳᠠᠯ ᠳᠣᠣᠷ᠎ᠠ ᠲᠦᠷᠦᠭᠦᠦ ᠵᠢᠯ ᠴᠢᠬᠢ ᠰᠠᠭᠤᠯᠭᠠᠵᠤ᠂ ᠭᠤᠷᠪᠠᠨ ᠵᠢᠯ ᠳᠤ ᠴᠡᠴᠡᠭᠯᠡᠵᠦ᠂ ᠲᠠᠪᠤᠨ ᠵᠢᠯ ᠳᠤ ᠵᠢᠮᠢᠰᠯᠡᠬᠦ ᠨᠤᠷᠮ᠎ᠠ 95% ᠠᠴᠠ ᠳᠡᠭᠡᠭᠰᠢ ᠳᠤ ᠬᠦᠷᠳᠡᠭ᠃ ᠵᠣᠬᠢᠰᠲᠠᠢ ᠪᠣᠷᠳᠣᠭᠤᠷ ᠣᠷᠣᠭᠤᠯᠬᠤ᠂ ᠵᠣᠬᠢᠰᠲᠠᠢ  ᠬᠠᠶᠢᠴᠢᠯᠠᠵᠤ ᠵᠠᠰᠠᠬᠤ᠂ ᠨᠢᠯᠬ᠎ᠠ ᠰᠣᠶᠤᠭ᠎ᠠ ᠶᠢ ᠰᠢᠯᠵᠢᠭᠦᠯᠦᠨ ᠦᠷᠡᠵᠢᠭᠦᠯᠬᠦ ᠥᠰᠦᠯᠲᠡ ᠶᠢᠨ ᠲᠥᠪ᠂ ᠴᠡᠴᠡᠭ ᠤᠨ ᠬᠤᠭᠤᠴᠠᠭᠠᠨ ᠳᠤ ᠤᠷᠭᠤᠯᠲᠠ ᠶᠢᠨ ᠲᠣᠬᠢᠷᠠᠭᠤᠯᠤᠯᠲᠠ ᠶᠢᠨ ᠡᠳ᠋ ᠰᠦᠷᠴᠢᠬᠦ ᠵᠡᠷᠭᠡ ᠠᠷᠭ᠎ᠠ ᠬᠡᠮᠵᠢᠶ᠎ᠡ ᠠᠪᠬᠤ ᠨᠢ ᠭᠠᠷᠤᠯᠲᠠ ᠶᠢ ᠦᠳᠲᠡᠷ ᠲᠦᠷᠭᠡᠨ ᠨᠡᠮᠡᠭᠳᠡᠭᠦᠯᠵᠦ᠂ ᠠᠮᠢ ᠨᠠᠰᠤ ᠶᠢ ᠤᠷᠲᠤ ᠪᠣᠯᠭᠠᠵᠤ ᠪᠣᠯᠤᠨ᠎ᠠ᠃ ᠦᠷᠡᠯᠡᠬᠦ ᠬᠤᠭᠤᠴᠠᠭ᠎ᠠ ᠨᠢ 100 ᠭᠠᠷᠤᠢ ᠵᠢᠯ ᠦᠷᠭᠦᠯᠵᠢᠯᠡᠭᠦᠯᠵᠦ ᠪᠣᠯᠤᠨ᠎ᠠ᠃ ᠰᠡᠩᠳᠡᠩ ᠮᠣᠳᠣ ᠨᠢᠭᠡᠨᠲᠡ ᠵᠢᠮᠢᠰ ᠭᠠᠷᠬᠤ ᠬᠤᠭᠤᠴᠠᠭᠠᠨ ᠳᠤ ᠣᠷᠣᠵᠤ᠂ ᠮᠦ ᠪᠦᠷᠢ ᠶᠢᠨ ᠤᠨᠠᠯᠲᠠ ᠨᠢ ᠰᠡᠩᠳᠡᠩ ᠮᠣᠳᠣ 30 ᠵᠢᠩ ᠣᠷᠴᠢᠮ ᠪᠠᠶᠢᠵᠤ᠂  ᠵᠢᠩ ᠪᠦᠷᠢ ᠳᠤ 4 ᠲᠥᠭᠦᠷᠢᠭ ᠬᠦᠷᠳᠡᠭ᠃     ᠠᠵᠤ ᠠᠬᠤᠢ ᠶᠢᠨ ᠣᠢ ᠶᠢᠨ ᠬᠤᠷᠮᠣᠶ ᠳᠤ ᠳᠠᠷᠢᠬᠤ ᠡᠮ ᠤᠨ ᠮᠠᠲ᠋ᠧᠷᠢᠶᠠᠯ ᠨᠢ ᠣᠳᠣᠬᠠᠨ ᠤ ᠣᠶᠢᠲᠤ ᠭᠠᠵᠠᠷ ᠢ ᠠᠰᠢᠭᠯᠠᠨ ᠣᠶ ᠶᠢᠨ ᠬᠤᠷᠮᠣᠶ ᠶᠢᠨ ᠠᠵᠤ ᠠᠬᠤᠶ ᠶᠢ ᠬᠥᠭᠵᠢᠭᠦᠯᠬᠦ ᠱᠠᠭᠠᠷᠳᠠᠯᠭ᠎ᠠ ᠳᠤ ᠨᠡᠶᠢᠴᠡᠵᠦ᠂ ᠠᠮᠢ ᠠᠬᠤᠢ ᠶᠢᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠬᠤᠤᠰ ᠡᠯᠪᠡᠭ ᠬᠤᠷᠢᠶᠠᠯᠲᠠ ᠣᠯᠵᠤ᠂ ᠮᠠᠰᠢ ᠰᠠᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠲᠠᠢ ᠶᠤᠮ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号