ᠪᠠᠶᠢᠰᠡ ᠶᠢᠨ ᠬᠤᠷᠢᠶ᠎ᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠭᠤᠤᠯᠳᠠᠯᠭ᠎ᠠ ᠲᠠᠢ ᠲᠥᠷᠥᠯ ᠵᠦᠢᠯ ᠢ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/7
    8 ᠰᠠᠷ᠎ᠠ ᠶᠢᠨ 5 ᠤ ᠡᠳᠦᠷ᠂ ᠪᠠᠶᠢᠰᠠ ᠶᠢᠨ ᠬᠤᠷᠢᠶ᠎ᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ᠂ ᠪᠠᠯᠭᠠᠰᠤᠨ ᠤ ᠬᠡᠪᠴᠢᠶᠡᠨ ᠳᠠᠬᠢ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠵᠡᠷᠭᠡ ᠳᠤ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃    ᠲᠥᠯᠥᠭᠡᠯᠡᠭᠴᠢᠳ ᠤᠷᠢᠳ ᠬᠤᠵᠢᠳ ᠲᠠᠶᠢᠵᠢ ᠬᠤᠷᠢᠶ᠎ᠠ᠂  ᠬᠡᠷᠢᠶᠡᠲᠡᠢ ᠂  ᠬᠦᠭᠵᠢᠯ ᠵᠡᠷᠭᠡ ᠲᠣᠰᠬᠤᠨ ᠳᠤ ᠬᠦᠷᠴᠦ᠂ ᠬᠥᠲᠥᠯ  ᠢ ᠱᠠᠲᠤᠨ ᠲᠠᠷᠢᠶ᠎ᠠ ᠪᠣᠯᠭᠠᠨ ᠬᠤᠪᠢᠷᠠᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ᠂ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠵᠢᠭᠰᠠᠭᠠᠯ ᠤᠨ ᠭᠠᠵᠠᠷ ᠤᠨ ᠪᠦᠳᠦᠭᠡᠨ ᠪᠠᠶᠢᠭᠤᠯᠤᠯᠲᠠ᠂ ᠴᠧᠩ ᠰᠢᠨ ᠲᠣᠰᠬᠤᠨ ᠤ ᠪᠦᠳᠦᠭᠡᠨ ᠪᠠᠶᠢᠭᠤᠯᠤᠯᠲᠠ᠂ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠰᠠᠭᠤᠷᠢᠨ ᠭᠠᠵᠠᠷ᠂ ᠤᠨᠴᠠᠯᠢᠬᠳᠤ ᠲᠠᠷᠢᠮᠠᠯ ᠤᠨ ᠠᠵᠤ ᠦᠢᠯᠡᠰ ᠵᠡᠷᠭᠡ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠡᠭᠦᠨ ᠤ ᠬᠠᠮᠲᠤ ᠲᠦᠷᠦᠯ ᠵᠦᠢᠯ ᠤᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠰᠣᠨᠣᠰᠴᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠲᠦᠷᠦᠯ ᠵᠦᠢᠯ ᠤᠨ ᠠᠵᠢᠯᠯᠠᠭᠠᠨ ᠵᠢᠴᠢ ᠦᠢᠯᠡᠳᠪᠦᠷᠢᠯᠡᠯ ᠡᠵᠡᠩᠨᠡᠯᠲᠡ ᠵᠡᠷᠭᠡ ᠲᠠᠯ᠎ᠠ ᠶᠢᠨ ᠪᠠᠶᠢᠳᠠᠯ ᠢ ᠣᠶᠢᠯᠠᠭᠠᠪᠠ᠃ ᠲᠤᠬᠠᠢ ᠶᠢᠨ ᠲᠠᠯᠠᠪᠠᠢ ᠳᠤ᠂ ᠲᠥᠯᠥᠭᠡᠯᠡᠭᠴᠢᠳ ᠤᠢᠢᠷ᠎ᠠ ᠶᠢᠨ ᠵᠢᠯ ᠠᠴᠠ ᠪᠠᠶᠢᠰᠡ ᠶᠢᠨ ᠬᠤᠷᠢᠶ᠎ᠠ ᠪᠠᠯᠭᠠᠰᠤᠨ ᠤ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠣᠯᠤᠭᠰᠠᠨ ᠠᠮᠵᠢᠯᠲᠠ ᠵᠢᠴᠢ ᠤᠨᠴᠠᠯᠢᠬᠳᠤ ᠠᠵᠤ ᠦᠢᠯᠡᠰ ᠤᠨ ᠬᠥᠭᠵᠢᠯᠲᠡ ᠨᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠠᠪᠴᠢᠷᠠᠭᠰᠠᠨ ᠪᠠᠶᠠᠷᠯᠠᠭᠤᠰᠢᠲᠠᠢ ᠬᠤᠪᠢᠷᠠᠯᠲᠠ ᠶᠢ ᠮᠠᠭᠲᠠᠨ ᠰᠠᠶᠢᠰᠢᠶᠠᠪᠠ᠃    ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠲᠥᠯᠥᠭᠡᠯᠡᠭᠴᠢᠳ ᠪᠠᠯᠭᠠᠰᠤᠨ ᠤ ᠵᠠᠰᠠᠭ ᠤᠨ ᠣᠷᠳᠣᠨ ᠤ ᠳᠥᠷᠪᠡᠳᠦᠭᠡᠷ ᠳᠠᠪᠬᠤᠷᠯᠢᠭ ᠤᠨ ᠬᠤᠷᠠᠯ ᠤᠨ ᠬᠡᠷ ᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠲᠥᠷᠥᠯ ᠵᠦᠢᠯ ᠢ ᠠᠬᠢᠭᠤᠯᠬᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠪᠠ ᠦᠢᠯᠡᠴᠢᠯᠡᠭᠡ ᠵᠡᠷᠭᠡ ᠲᠠᠯ᠎ᠠ ᠪᠠᠷ ᠣᠨᠣᠪᠴᠢᠲᠠᠶ ᠰᠠᠨᠠᠯ ᠰᠠᠨᠠᠭᠤᠯᠭ᠎ᠠ ᠳᠤᠷᠠᠳᠤᠭᠰᠠᠨ ᠪᠥᠭᠡᠳ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠳᠤᠷᠠᠳᠴᠤ᠂ ᠮᠥᠷᠳᠡᠨ ᠱᠠᠯᠠᠪᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠲᠥᠷᠥᠯ  ᠵᠦᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃    ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠸᠠᠩ ᠱᠤ᠋ ᠯᠢᠶᠠᠨ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠴᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠠᠮ ᠤᠨ ᠬᠤᠷᠢᠶᠠᠨ ᠤ ᠠᠵᠢᠯ ᠤᠨ ᠲᠣᠭᠤᠷᠢᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠨᠠᠭᠠᠴᠢᠯᠠᠭ᠎ᠠ ᠠᠴᠠ ᠪᠠᠨ ᠪᠥᠬᠦ ᠪᠠᠯᠭᠠᠰᠤᠨ ᠤ ᠶᠡᠭᠡ ᠲᠠᠯ᠎ᠠ ᠳᠤ ᠲᠠᠯᠪᠢᠵᠤ ᠲᠥᠯᠥᠪᠵᠢᠭᠦᠯᠦᠨ ᠠᠬᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ ᠡᠷᠬᠡ ᠪᠠᠨ ᠬᠡᠷᠡᠭᠵᠢᠭᠦᠯᠵᠦ᠂ ᠨᠠᠮ ᠤᠨ ᠬᠤᠷᠢᠶᠠᠨ ᠤ ᠠᠵᠢᠯ ᠤᠨ ᠭᠤᠤᠯᠳᠠᠯᠭ᠎ᠠ ᠬᠠᠮᠢᠭ᠎ᠠ ᠪᠠᠶᠢᠪᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠲᠡᠨᠳᠡ ᠳᠠᠭᠠᠵᠤ᠂ ᠬᠦᠴᠦᠨ ᠴᠢᠳᠠᠯ ᠲᠡᠨᠳᠡ ᠬᠦᠷᠴᠦ᠂ ᠦᠢᠯᠡᠳᠦᠯ ᠢᠶᠠᠨ ᠲᠡᠨᠳᠡ ᠪᠠᠳᠠᠷᠠᠭᠤᠯᠵᠤ᠂ ᠥᠨᠳᠥᠷ ᠦᠷ᠎ᠡ ᠪᠦᠲᠦᠮᠵᠢ ᠲᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠬᠤᠷᠢᠶᠠᠨ ᠤ ᠭᠤᠤᠯ ᠠᠵᠢᠯ ᠳᠤ  ᠦᠢᠯᠡᠴᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠪᠡ᠃    ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠲᠥᠯᠥᠭᠡᠯᠡᠭᠴᠢᠳ ᠢᠯᠡᠷᠬᠡᠶᠢᠯᠡᠬᠦ ᠳᠡᠭᠡᠨ᠂ ᠬᠤᠶᠢᠰᠢᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠨᠠᠩ ᠭᠦᠢᠴᠡᠳ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠬᠤ ᠪᠠ ᠠᠬᠢᠭᠤᠯᠬᠤ ᠪᠠᠨ ᠦᠨᠡᠨᠬᠦ ᠴᠢᠩᠭᠠᠳᠬᠠᠵᠤ᠂ ᠪᠠᠶᠢᠰᠡ ᠶᠢᠨ ᠬᠤᠷᠢᠶ᠎ᠠ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠪᠢ ᠨᠡᠮᠡᠷᠢ ᠪᠠᠨ ᠦᠵᠡᠭᠦᠯᠦᠨ᠎ᠡ ᠭᠡᠵᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号