ᠣᠨᠴᠠᠯᠢᠭᠲᠤ ᠲᠠᠷᠢᠮᠠᠯ ᠣᠷᠣᠯᠭ᠎ᠠ  ᠶᠢ ᠨᠡᠮᠡᠭᠳᠡᠭᠦᠯᠵᠦ ᠠᠤᠬᠠᠨ ᠬᠤᠰᠢᠭᠤᠨ ᠤ ᠦᠬᠡᠷ ᠢᠳᠡᠷ᠎ᠡ ᠶᠢᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/8/7
      ᠵᠤᠨ ᠤ ᠤᠯᠠᠷᠢᠯ ᠳᠤ ᠂ ᠠᠤᠬᠠᠨ ᠬᠤᠰᠢᠭᠤᠨ ᠤ ᠭᠤᠷᠪᠠᠨᠬᠤᠸᠠ ᠪᠠᠯᠭᠠᠰᠤᠨ ᠤ ᠦᠬᠡᠷ ᠢᠳᠡᠷ᠎ᠡ ᠳᠠᠷᠢᠬᠤ ᠰᠠᠭᠤᠷᠢᠨ ᠭᠠᠵᠠᠷ ᠲᠤ ᠬᠦᠷᠴᠦ᠂ ᠵᠠᠭᠤ ᠭᠠᠷᠤᠶ ᠮᠥ ᠦᠬᠡᠷ ᠢᠳᠡᠷ᠎ᠡ ᠨᠣᠭᠤᠭᠠᠷᠠᠵᠤ᠂ ᠤᠷᠭᠤᠴᠠ ᠨᠢ ᠬᠥᠮᠦᠨ ᠢ ᠪᠠᠶᠠᠰᠬᠠᠨ᠎ᠠ᠃    ᠣᠶᠢᠷ᠎ᠠ ᠶᠢᠨ ᠵᠢᠯ ᠠᠴᠠ ᠨᠠᠰᠢ᠂ ᠠᠤᠬᠠᠨ ᠬᠤᠰᠢᠭᠤ ᠣᠷᠣᠨ ᠨᠤᠲᠤᠭ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠤᠨᠴᠠᠯᠢᠬᠳᠤ ᠲᠠᠷᠢᠮᠠᠯ ᠤᠨ ᠬᠥᠭᠵᠢᠯᠲᠡ ᠶᠢᠨ ᠠᠷᠭ᠎ᠠ ᠵᠠᠮ ᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠦᠬᠡᠷ ᠢᠳᠡᠷ᠎ᠡ ᠳᠠᠷᠢᠬᠤ ᠶᠢ ᠰᠢᠨ᠎ᠡ ᠪᠠᠷ ᠡᠭᠦᠳᠴᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠰᠢᠨ᠎ᠡ ᠰᠡᠳᠬᠢᠮᠵᠢ ᠶᠢ ᠨᠡᠭᠡᠭᠡᠭᠰᠡᠨ ᠪᠠᠶᠢᠨ᠎ᠠ᠃    ᠣᠶᠢᠯᠠᠭᠠᠭᠰᠠᠨ ᠢᠶᠠᠷ᠂ ᠦᠬᠡᠷ ᠢᠳᠡᠷ᠎ᠡ ᠶᠢᠨ ᠣᠷᠴᠢᠨ ᠲᠣᠭᠤᠷᠢᠨ ᠨᠢ ᠵᠣᠬᠢᠴᠠᠬᠤ ᠴᠢᠨᠠᠷ ᠢᠶᠠᠷ ᠴᠢᠩᠭ᠎ᠠ᠂ ᠳᠠᠷᠢᠬᠤ ᠮᠡᠷᠭᠡᠵᠢᠯ ᠢ ᠡᠵᠡᠮᠰᠢᠬᠦ ᠳᠤ ᠬᠢᠯᠪᠠᠷ᠂ ᠰᠡᠯᠭᠦᠨ ᠳᠠᠷᠢᠬᠤ ᠵᠡᠷᠭᠡ ᠳᠠᠪᠠᠭᠤᠯᠢᠭ ᠲᠠᠢ ᠪᠥᠭᠡᠳ ᠲᠠᠷᠢᠶᠠᠨ ᠡᠮ ᠰᠦᠷᠴᠢᠨ ᠣᠷᠣᠭᠤᠯᠬᠤ ᠴᠢᠬᠤᠯᠠ ᠦᠭᠡᠢ᠂ ᠬᠤᠳᠠᠯᠳᠤᠨ ᠠᠪᠬᠤ ᠦᠨ᠎ᠡ ᠨᠢ ᠥᠨᠳᠥᠷ ᠪᠢᠰᠢ᠂ ᠮᠥ ᠪᠦᠷᠢ ᠶᠢᠨ ᠭᠠᠵᠠᠷ ᠬᠥᠷᠥᠩᠭᠡ ᠶᠢᠨ ᠦᠬᠡᠷ ᠢᠳᠡᠷ᠎ᠡ 4 ᠲᠣᠨ ᠣᠷᠴᠢᠮ᠂ ᠥᠪᠡᠷ ᠤᠨ ᠥᠷᠲᠡᠭ ᠨᠢ 2500 ᠲᠥᠭᠦᠷᠢᠭ ᠣᠷᠴᠢᠮ᠂ ᠴᠡᠪᠡᠷ ᠠᠰᠢᠭ ᠬᠤᠨᠵᠢᠪᠤᠷᠢ ᠨᠢ 2000 ᠲᠥᠭᠦᠷᠢᠭ ᠠᠴᠠ ᠳᠡᠭᠡᠭᠰᠢ ᠪᠠᠶᠢᠵᠤ᠂ ᠳᠠᠷᠢᠬᠤ ᠡᠷᠦᠬᠡ ᠳᠤ ᠨᠡᠯᠢᠶᠡᠳ ᠰᠠᠶᠢᠨ ᠠᠵᠤ ᠠᠬᠤᠶ ᠶᠢᠨ ᠠᠰᠢᠭ ᠣᠷᠣᠯᠭ᠎ᠠ ᠣᠯᠭᠤᠭᠰᠠᠨ ᠪᠠᠶᠢᠨ᠎ᠠ᠃    ᠦᠬᠡᠷ ᠢᠳᠡᠷ᠎ᠡ ᠳᠠᠷᠢᠬᠤ ᠪᠣᠯ ᠠᠤᠬᠠᠨ ᠬᠤᠰᠢᠭᠤᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠪᠠ ᠥᠨᠳᠥᠷ ᠨᠡᠮᠡᠯᠲᠡ ᠥᠷᠲᠡᠭ ᠪᠥᠬᠦᠶ ᠠᠵᠤ ᠦᠢᠯᠡᠰ ᠪᠣᠯᠤᠨ᠎ᠠ᠂ 2024 ᠣᠨ ᠳᠤ ᠪᠥᠬᠦ ᠬᠤᠰᠢᠭᠤᠨ ᠤ ᠦᠬᠡᠷ ᠢᠳᠡᠷ᠎ᠡ ᠳᠠᠷᠢᠬᠤ ᠲᠠᠯᠠᠪᠠᠶ 1.8 ᠲᠦᠮᠡ ᠭᠠᠷᠤᠶ ᠮᠥ ᠳᠤ ᠬᠦᠷᠴᠦ᠂ ︽ᠺᠣᠮᠫᠠᠨᠢ ᠶᠢᠨ ᠲᠤᠰᠬᠠᠶ ᠬᠤᠷᠰᠢᠶ᠎ᠠ ᠲᠠᠷᠢᠶᠠᠴᠢᠨ ᠡᠷᠦᠬᠡ︾ ᠶᠢᠨ ᠵᠠᠬᠢᠶᠠᠯᠠᠭ᠎ᠠ ᠶᠢᠨ ᠵᠠᠭᠪᠤᠷ ᠢ ᠬᠡᠷᠡᠭᠯᠡᠵᠦ᠂ ᠣᠳᠣᠬᠠᠨ ᠳᠤ ᠦᠬᠡᠷ ᠢᠳᠡᠷ᠎ᠡ ᠶᠢᠨ ᠤᠷᠭᠤᠴᠠ ᠰᠠᠶᠢᠨ ᠪᠠᠶᠢᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠦᠲᠦᠮᠵᠢᠲᠡᠶ ᠠᠬᠢᠭᠤᠯᠵᠤ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤ ᠲᠠᠷᠢᠮᠠᠯ ᠤᠨ ᠵᠠᠭᠪᠤᠷ ᠢ ᠰᠢᠯᠢᠳᠡᠭᠵᠢᠭᠦᠯᠬᠦ ᠶᠢ ᠦᠷᠭᠦᠯᠵᠢᠯᠡᠨ ᠰᠦᠪᠡᠭᠴᠢᠯᠡᠵᠦ᠂ ᠮᠠᠯᠴᠢᠨ ᠲᠠᠷᠢᠶᠠᠴᠢᠨ ᠤ ᠲᠠᠷᠢᠮᠠᠯ ᠤᠨ ᠰᠡᠳᠬᠢᠮᠵᠢ ᠶᠢ ᠥᠷᠭᠡᠳᠬᠡᠬᠦ ᠶᠢᠨ ᠬᠠᠮᠲᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠰᠠᠭᠤᠷᠢᠨ ᠭᠠᠵᠠᠷ ᠤᠨ ᠬᠥᠭᠵᠢᠯᠲᠡ ᠶᠢᠨ ᠬᠡᠪᠴᠢᠶ᠎ᠡ ᠶᠢ ᠴᠢᠩᠭᠠᠷᠠᠭᠤᠯᠵᠤ᠂ ᠲᠠᠷᠢᠶᠠᠨ ᠭᠠᠵᠠᠷ ᠤᠨ ᠮᠡᠷᠭᠡᠵᠢᠯ ᠤᠨ ᠵᠢᠯᠣᠭᠤᠳᠬᠤ ᠡᠷᠴᠢᠮ ᠢ ᠴᠢᠩᠭᠠᠷᠠᠭᠤᠯᠤᠨ᠂ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠥᠪᠡᠷ ᠤᠨ ᠥᠷᠲᠡᠭ ᠢ ᠠᠷᠪᠢᠯᠠᠬᠤ ᠳᠡᠭᠡᠷ᠎ᠡ ᠬᠦᠴᠦ ᠲᠠᠯᠪᠢᠵᠤ᠂ ᠣᠯᠠᠨ ᠲᠦᠮᠡᠨ ᠤ ᠦᠬᠡᠷ ᠢᠳᠡᠷ᠎ᠡ ᠳᠠᠷᠢᠬᠤ ᠢᠳᠡᠪᠬᠢᠵᠢᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠪᠥᠬᠦ ᠬᠤᠰᠢᠭᠤᠨ ᠤ ᠲᠠᠷᠢᠶᠠᠯᠠᠩ ᠤᠨ ᠠᠵᠤ ᠦᠢᠯᠡᠰ ᠵᠢᠴᠢ ᠬᠤᠰᠢᠭᠤᠨ ᠤ ᠬᠡᠪᠴᠢᠶᠡᠨ ᠤ ᠠᠵᠤ ᠠᠬᠤᠶ ᠶᠢᠨ ᠥᠷᠨᠢᠩᠭᠦᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号