ᠬᠤᠰᠢᠭᠤᠨ ᠤ ᠤᠨᠴᠠᠯᠢᠭᠳᠤ ᠲᠠᠷᠢᠮᠠᠯ ᠢ ᠳᠡᠭᠡᠭᠰᠢᠯᠡᠭᠦᠯᠬᠦ ᠪᠣᠯᠪᠠᠰᠤᠷᠠᠯ ᠤᠨ ᠦᠵᠡᠭᠦᠯᠦᠯᠭᠡ ᠶᠢᠨ ᠪᠦᠯᠬᠦᠮ ᠴᠠᠩ ᠱᠧᠩ ᠪᠠᠯᠭᠠᠰᠤᠨ ᠳᠤ ᠬᠦᠷᠴᠦ ᠲᠤᠬᠠᠶ ᠶᠢᠨ ᠲᠠᠯᠠᠪᠤᠷ ᠲᠤ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/8/9
      8 ᠰᠠᠷ᠎ᠠ ᠶᠢᠨ 8 ᠤ ᠡᠳᠦᠷ᠂ ᠠᠤᠬᠠᠨ ᠬᠤᠰᠢᠭᠤᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠤ ᠪᠣᠯᠪᠠᠰᠤᠷᠠᠯ ᠤᠨ ᠲᠥᠷᠥᠯ ᠵᠦᠢᠯ ᠤᠨ ᠣᠨᠴᠠᠯᠢᠭᠲᠤ ᠲᠠᠷᠢᠮᠠᠯ ᠢ ᠳᠡᠭᠡᠭᠰᠢᠯᠡᠭᠦᠯᠬᠦ  ᠪᠣᠯᠪᠠᠰᠤᠷᠠᠯ ᠤᠨ ᠦᠵᠡᠭᠦᠯᠦᠯᠭᠡ ᠶᠢᠨ ᠪᠦᠯᠬᠦᠮ ᠴᠠᠩ ᠱᠧᠩ ᠪᠠᠯᠭᠠᠰᠤᠨ ᠳᠤ ᠬᠦᠷᠴᠦ ᠲᠤᠬᠠᠶ ᠶᠢᠨ ᠲᠠᠯᠠᠪᠤᠷ ᠲᠤ ᠲᠣᠭᠤᠷᠢᠨ ᠦᠵᠡᠵᠦ  ᠪᠣᠯᠪᠠᠰᠤᠷᠠᠪᠠ᠃    ᠲᠣᠭᠤᠷᠢᠨ ᠰᠤᠷᠤᠯᠴᠠᠬᠤ ᠪᠦᠯᠬᠦᠮ ᠤᠨ ᠬᠢᠨ ᠴᠠᠩ ᠱᠧᠩ ᠪᠠᠯᠭᠠᠰᠤᠨ ᠤ ᠯᠢᠦ ᠾᠧ ᠬᠤᠤ ᠲᠣᠰᠬᠤᠨ ᠤ ᠮᠢᠩᠭᠠᠨ ᠮᠦ ᠰᠢᠬᠢᠷ ᠯᠤᠤᠪᠠᠩ ᠤᠨ ᠥᠨᠳᠥᠷ ᠤᠨᠠᠯᠲᠠ ᠶᠢᠨ ᠵᠢᠱᠢᠶ᠎ᠡ ᠦᠵᠡᠭᠦᠯᠬᠦ ᠲᠠᠷᠢᠶᠠᠨ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠰᠢᠬᠢᠷ ᠯᠤᠤᠪᠠᠩ ᠤᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠪᠠᠯᠭᠠᠰᠤᠨ ᠤ ᠲᠠᠷᠢᠶᠠᠯᠠᠩ ᠤᠨ ᠥᠷᠲᠡᠭᠡ ᠶᠢᠨ ᠬᠠᠷᠢᠭᠤᠴᠠᠯᠭᠠᠲᠠᠨ ᠪᠥᠬᠦ ᠪᠠᠯᠭᠠᠰᠤᠨ ᠤ ᠲᠠᠷᠢᠮᠠᠯ ᠤᠨ ᠪᠠᠶᠢᠳᠠᠯ ᠵᠢᠴᠢ ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠬᠠᠷᠢᠭᠤ ᠮᠡᠳᠡᠭᠦᠯᠪᠡ᠃ ᠶᠤᠸᠠᠢ ᠴᠢᠶᠠᠩ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠠᠵᠢᠯᠲᠠᠨ ᠰᠢᠬᠢᠷ ᠯᠤᠤᠪᠠᠩ ᠲᠠᠷᠢᠬᠤ ᠲᠠᠯᠠᠪᠠᠶ᠂ ᠲᠥᠷᠥᠯ ᠵᠦᠢᠯ᠂ ᠦᠷ᠎ᠡ ᠠᠰᠢᠭ᠂ ᠲᠠᠷᠢᠮᠠᠯ ᠤᠨ ᠮᠡᠷᠭᠡᠵᠢᠯ ᠵᠢᠴᠢ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠲᠠᠶᠢᠯᠤᠮᠵᠢ ᠬᠢᠵᠦ᠂ ᠰᠢᠬᠢᠷ ᠯᠤᠤᠪᠠᠩ ᠲᠠᠷᠢᠬᠤ ᠳᠤ ᠥᠨᠳᠥᠷ ᠪᠠᠶᠢᠵᠤ᠂ ᠰᠢᠨᠵᠢᠯᠡᠬᠦ ᠤᠬᠠᠭᠠᠨᠴᠢ ᠪᠠᠷ ᠲᠠᠷᠢᠶ᠎ᠠ ᠲᠠᠷᠢᠬᠤ ᠪᠣᠯ ᠤᠷᠢᠲᠠᠯ ᠮᠥᠨ᠂ ᠲᠠᠷᠢᠶᠠᠨ ᠭᠠᠵᠠᠷ ᠤᠨ ᠬᠠᠮᠢᠶᠠᠷᠤᠯᠲᠠ ᠪᠣᠯ ᠵᠠᠩᠭᠢᠯᠠᠭ᠎ᠠ ᠮᠥᠨ᠃ ᠣᠳᠣᠬᠠᠨ ᠳᠤ᠂ ᠴᠠᠭ ᠲᠤᠬᠠᠶ ᠳᠤᠨᠢ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠪᠣᠯ ᠰᠢᠬᠢᠷ ᠯᠤᠤᠪᠠᠩ ᠤᠨ ᠥᠨᠳᠥᠷ ᠤᠨᠠᠯᠲᠠ ᠶᠢ ᠤᠯᠬᠤ ᠶᠢᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠃ ᠡᠯ᠎ᠡ ᠲᠠᠷᠢᠮᠠᠯ ᠤᠨ ᠲᠣᠮᠣ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠬᠠᠷᠢᠭᠤᠴᠠᠯᠭᠠᠲᠠᠨ ᠠᠩᠬᠠᠷᠴᠤ ᠪᠠᠶᠢᠭ᠎ᠠ ᠦᠢᠯᠡᠳᠪᠦᠷᠢᠯᠡᠯ ᠤᠨ ᠮᠡᠷᠭᠡᠵᠢᠯ ᠤᠨ ᠠᠰᠠᠭᠤᠳᠠᠯ ᠤᠨ ᠲᠤᠬᠠᠢ ᠭᠦᠨᠵᠡᠭᠡᠢ ᠰᠣᠯᠢᠯᠴᠠᠨ ᠶᠠᠷᠢᠯᠴᠠᠪᠠ᠃ ᠲᠠᠷᠢᠮᠠᠯ ᠤᠨ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠬᠠᠷᠢᠭᠤᠴᠠᠯᠭᠠᠲᠠᠨ ᠰᠢᠬᠢᠷ ᠯᠤᠤᠪᠠᠩ ᠲᠠᠷᠢᠬᠤ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠰᠢᠨ᠎ᠡ ᠲᠠᠨᠢᠯᠲᠠ ᠲᠠᠢ ᠪᠣᠯᠵᠠᠶ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ᠃ ᠤᠨᠴᠠᠯᠢᠬᠳᠤ ᠠᠵᠤ ᠦᠢᠯᠡᠰ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠠᠯᠳᠠᠨ ᠲᠦᠯᠬᠢᠭᠦᠷ︾ ᠪᠣᠯᠤᠨ᠎ᠠ᠂ ᠴᠠᠩ ᠱᠧᠩ ᠪᠠᠯᠭᠠᠰᠤ ᠲᠤᠰ ᠤᠳᠠᠭ᠎ᠠ ᠶᠢᠨ ᠦᠵᠡᠭᠦᠯᠦᠯᠭᠡ ᠶᠢᠨ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠤᠨᠴᠠᠯᠢᠬᠳᠤ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠠᠷᠢᠮᠠᠯ ᠤᠨ ᠦᠢᠯᠡᠰ ᠢ ︽ᠰᠢᠨ᠎ᠡ︾ ᠲᠡᠶᠢᠰᠢ ︽ᠴᠢᠨᠠᠷ︾ ᠣᠯᠭᠤᠵᠤ᠂ ᠤᠨᠴᠠᠯᠢᠬᠳᠤ ᠲᠠᠷᠢᠮᠠᠯ ᠤᠨ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠠᠷᠢᠶᠠᠴᠢᠨ ᠡᠷᠦᠬᠡ ᠶᠢ ᠲᠠᠶᠢᠴᠢᠯᠠᠨ ᠣᠷᠣᠯᠭ᠎ᠠ ᠶᠢ ᠨᠢ ᠦᠷᠭᠦᠯᠵᠢᠯᠡᠨ ᠨᠡᠮᠡᠭᠳᠡᠭᠦᠯᠵᠦ ᠪᠠᠶᠠᠵᠢᠭᠤᠯᠬᠤ ᠪᠠᠷ ᠪᠤᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号