ᠠᠤᠬᠠᠨ ᠬᠤᠰᠢᠭᠤᠨ ᠤ ᠨᠢᠭᠡ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢ 2024 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/8/9
     ᠪᠣᠬᠢᠷᠲᠤᠯ ᠥᠬᠡᠶ ᠦᠢᠯᠡᠳᠬᠦ ᠰᠢᠰᠲ᠋ᠧᠮ ᠢ ᠲᠡᠭᠦᠯᠳᠡᠷᠵᠢᠭᠦᠯᠵᠦ᠂ ᠪᠣᠬᠢᠷᠲᠤᠯ ᠥᠬᠡᠶ  ᠦᠢᠯᠡᠳᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠠᠵᠤ ᠦᠢᠯᠡᠳᠪᠦᠷᠢ ᠶᠢᠨ ᠬᠦᠷᠢᠶᠡᠨ ᠤ ᠨᠡᠭᠦᠷᠡᠰᠦᠲᠥ᠋ᠷᠥᠭᠴᠢ  ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠠᠤᠬᠠᠨ ᠬᠤᠰᠢᠭᠤ 2024 ᠣᠨ ᠤ ᠪᠣᠬᠢᠷᠲᠤᠯ ᠥᠬᠡᠶ ᠦᠢᠯᠡᠳᠬᠦ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠪᠡ᠃    ᠠᠵᠤ ᠠᠬᠤᠶᠢᠯᠠᠯ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ ᠪᠠᠷ ᠳᠡᠮᠵᠢᠨ᠂ ᠠᠶᠢᠮᠠᠭ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠠᠩᠬ᠎ᠠ ᠬᠢᠨᠠᠨ ᠲᠠᠨᠢᠯᠴᠠᠭᠤᠯᠬᠤ ᠪᠠᠷ ᠳᠡᠮᠵᠢᠨ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠨᠢ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠶᠡᠷᠦᠩᠬᠡᠶᠢᠯᠡᠨ ᠦᠨᠡᠯᠡᠵᠦ᠂ 2024 ᠣᠨ ᠳᠤ ᠠᠤᠬᠠᠨ ᠬᠤᠰᠢᠭᠤᠨ ᠤ ︽ᠪᠣᠬᠢᠷᠲᠤᠯ ᠥᠬᠡᠶ ᠦᠢᠯᠡᠳᠪᠦᠷᠢ︾ ᠶᠢ ᠡᠭᠦᠳᠦᠨ ᠪᠠᠶᠢᠭᠤᠯᠬᠤ ᠠᠵᠢᠯ ᠦᠷᠭᠦᠯᠵᠢᠯᠡᠨ ᠰᠢᠨ᠎ᠡ ᠰᠢᠪᠲᠤᠯᠤᠯᠲᠠ ᠲᠠᠢ ᠪᠣᠯᠵᠣ᠂ ᠥᠪᠥᠷ ᠮᠣᠩᠭᠤᠯ ᠤᠨ ᠬᠦᠶ ᠯᠢᠦ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ ᠪᠠᠷ ᠮᠠᠭᠠᠳᠯᠠᠨ ᠲᠣᠭᠲᠠᠭᠠᠭᠰᠠᠨ ᠪᠥᠭᠡᠳ 50 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠬᠦᠷᠲᠡᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号