ᠠᠤᠬᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠢᠯᠣᠭᠤᠴᠢ ᠶᠢᠨ ᠪᠣᠯᠪᠠᠰᠤᠷᠠᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠬᠢᠨᠠᠨ ᠬᠠᠮᠢᠶᠠᠷᠬᠤ ᠦᠢᠯᠡᠴᠢᠯᠡᠭᠡᠨ ᠤ ᠲᠠᠪᠴᠠᠩ ᠤᠨ  ᠪᠣᠯᠪᠠᠰᠤᠷᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2024/8/9
    ᠲᠡᠷᠭᠡ ᠵᠢᠯᠣᠭᠤᠳᠬᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂  ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠲᠡᠷᠭᠡ ᠵᠢᠯᠣᠭᠤᠳᠬᠤ ᠪᠣᠯᠪᠠᠰᠤᠷᠠᠯ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠡᠷᠭᠡ ᠵᠢᠯᠣᠭᠤᠳᠬᠤ ᠪᠣᠯᠪᠠᠰᠤᠷᠠᠯ ᠤᠨ ᠪᠠᠶᠢᠭᠤᠯᠤᠮᠵᠢ ᠶᠢᠨ ᠲᠣᠰ ᠪᠡᠶ᠎ᠡ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 8 ᠤ ᠡᠳᠦᠷ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠬᠠᠷᠢᠶᠠᠲᠤ ᠣᠷᠣᠨ ᠤ 16 ᠲᠡᠷᠭᠡ ᠵᠢᠯᠣᠭᠤᠳᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯᠣᠭᠤᠴᠢ ᠶᠢᠨ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ︵ᠵᠢᠯᠣᠭᠤᠴᠢ ᠶᠢᠨ ᠰᠤᠷᠭᠠᠭᠤᠯᠢ︶︾ ᠤᠨ ᠬᠡᠷᠡᠭᠯᠡᠯᠲᠡ ᠶᠢᠨ ᠪᠣᠯᠪᠠᠰᠤᠷᠠᠯ ᠥᠷᠨᠢᠭᠦᠯᠪᠡ     ᠪᠣᠯᠪᠠᠰᠤᠷᠠᠯ ᠤᠨ ᠶᠠᠪᠤᠴᠠ ᠳᠤ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠵᠢᠯᠣᠭᠤᠴᠢ ᠯᠠᠩ ᠹᠧᠩ ᠭᠦᠸᠧ ᠲᠣᠰ ᠲᠠᠪᠴᠠᠩ ᠤᠨ ᠶᠡᠷᠦᠩᠬᠡᠶ ᠲᠦᠢᠮᠣ ᠪᠠᠶᠢᠳᠠᠯ᠂ ᠲᠤᠬᠠᠶᠢᠯᠠᠭᠰᠠᠨ ᠠᠵᠢᠯ ᠤᠨ ᠴᠢᠳᠠᠮᠵᠢ᠂ ᠲᠠᠪᠴᠠᠩ ᠤᠨ ᠠᠵᠢᠯᠯᠠᠭᠠᠨ ᠤ ᠶᠠᠪᠤᠴᠠ ᠵᠡᠷᠭᠡ ᠠᠭᠤᠯᠭ᠎ᠠ ᠳᠤ ᠲᠠᠶᠢᠯᠤᠮᠵᠢ ᠬᠢᠬᠦ ᠶᠢᠨ ᠬᠠᠮᠲᠤ ᠪᠣᠳᠠᠲᠠᠶ ᠠᠵᠢᠯᠯᠠᠬᠤ ᠶᠠᠪᠤᠴᠠ ᠳᠤ ᠲᠣᠬᠢᠶᠠᠯᠳᠤᠵᠤ ᠮᠡᠳᠡᠬᠦ ᠠᠰᠠᠭᠤᠳᠠᠯ ᠤᠨ ᠲᠤᠬᠠᠶ ᠲᠣᠳᠣᠷᠬᠠᠶᠢᠯᠠᠯᠲᠠ ᠬᠢᠪᠠ᠃    ᠲᠣᠰ ᠤᠳᠠᠭᠠᠨ ᠤ  ᠪᠣᠯᠪᠠᠰᠤᠷᠠᠯ ᠨᠢ ᠨᠢᠭᠡ ᠲᠠᠯ᠎ᠠ ᠪᠠᠷ ᠵᠢᠯᠣᠭᠤᠴᠢ ᠶᠢᠨ  ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠴᠢᠬᠤᠯᠠ ᠴᠢᠨᠠᠷ ᠢ ᠳᠣᠪᠤᠶᠢᠯᠭᠠᠵᠤ᠂ ᠨᠥᠭᠦᠭᠡ ᠲᠠᠯ᠎ᠠ ᠪᠠᠷ ᠵᠢᠯᠣᠭᠤᠴᠢ ᠶᠢᠨ ᠪᠣᠯᠪᠠᠰᠤᠷᠠᠯ ᠤᠨ ᠪᠠᠶᠢᠭᠤᠯᠤᠮᠵᠢ ᠳᠤ ᠲᠣᠰ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠬᠦ ᠠᠷᠭ᠎ᠠ ᠪᠠ ᠠᠯᠬᠤᠮ ᠳᠠᠷᠠᠭ᠎ᠠ ᠶᠢ ᠡᠵᠡᠮᠰᠢᠭᠦᠯᠵᠦ᠂ ᠪᠣᠯᠪᠠᠰᠤᠷᠠᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠱᠠᠭᠠᠷᠳᠠᠯᠭ᠎ᠠ ᠶᠣᠰᠣᠭᠠᠷ ᠵᠢᠯᠣᠭᠤᠳᠬᠤ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠳᠤ ᠴᠠᠭ ᠲᠤᠬᠠᠶ ᠳᠤᠨᠢ ᠣᠨᠣᠪᠴᠢᠲᠠᠶ ᠣᠷᠣᠭᠤᠯᠬᠤ ᠶᠢ ᠦᠨᠡᠨ ᠬᠦ ᠪᠠᠲᠤᠯᠠᠵᠤ᠂ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号